1—4 ᠳ᠋ᠦ᠋ᠭᠡᠷ ᠰᠠᠷ᠎ᠠ ᠳᠤ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠪᠠᠭᠤᠷᠠᠯᠲᠠ ᠶᠢᠨ ᠬᠡᠮᠵᠢᠶ᠎ᠡ ᠡᠳᠦᠢ ᠲᠡᠳᠦᠢ ᠪᠠᠭᠠᠰᠪᠠ
ᠨᠡᠶᠢᠲᠡᠯᠡᠭᠰᠡᠨ ᠴᠠᠭ᠄
2025/5/23
      1—4 ᠳ᠋ᠦ᠋ᠭᠡᠷ ᠰᠠᠷ᠎ᠠ ᠳᠤ᠂ ᠬᠡᠰᠡᠭ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠡᠭᠦᠳᠡᠨ ᠳᠡᠯᠭᠡᠭᠦᠷ ᠢ ᠬᠠᠭᠠᠵᠤ᠂ ᠠᠳᠠᠯᠢ ᠬᠤᠭᠤᠴᠠᠭᠠᠨ ᠤ ᠰᠠᠭᠤᠷᠢ ᠲᠤᠭ᠎ᠠ ᠥᠨᠳᠥᠷ ᠪᠠᠶᠢᠬᠤ᠂ ᠵᠠᠰᠠᠭ ᠤᠨ ᠶᠠᠪᠤᠳᠠᠯ ᠤᠨ ᠭᠥᠯᠢᠶᠡᠨ ᠠᠪᠬᠤ ᠵᠢᠴᠢ ᠪᠣᠯᠪᠠᠰᠤᠷᠠᠭᠤᠯᠤᠯ ᠪᠠᠭᠠᠰᠤᠭᠰᠠᠨ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.0% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠵᠢᠯ ᠤᠨ ᠡᠬᠢᠨ ᠤ ᠬᠢ ᠠᠴᠠ 2.5 ᠵᠠᠭᠤᠨ ᠤ ᠨᠢᠭᠡᠴᠢ ᠪᠠᠭᠠᠰᠪᠠ᠃      ᠨᠢᠭᠡᠴᠢ ᠶᠢᠨ ᠲᠥᠷᠥᠯ ᠬᠡᠯᠪᠡᠷᠢ ᠠᠴᠠ ᠦᠵᠡᠪᠡᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠠᠯᠬᠤᠮ ᠠᠯᠬᠤᠮ ᠢᠶᠠᠷ ᠰᠡᠷᠭᠦᠵᠦ᠂ ᠶᠡᠭᠡ ᠬᠤᠪᠢ ᠡᠷᠦᠬᠡ ᠲᠣᠭᠲᠠᠭᠤᠨ ᠢᠶᠠᠷ ᠳᠡᠭᠡᠭᠰᠢᠯᠡᠪᠡ᠃ 1—4 ᠳ᠋ᠦ᠋ᠭᠡᠷ  ᠰᠠᠷ᠎ᠠ ᠳᠤ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9.9 %᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠵᠢᠯ ᠤᠨ ᠡᠬᠢᠨ ᠤ ᠬᠢ ᠠᠴᠠ 0.8 ᠵᠠᠭᠤᠨ ᠤ ᠴᠡᠭ ᠪᠠᠭᠠᠰᠪᠠ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠲᠣᠮᠣ ᠬᠤᠪᠢ ᠶᠢᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 18.8 %᠎ ᠪᠠᠷ ᠨᠡᠮᠡᠭᠳᠡᠵᠦ᠂ ᠵᠢᠯ ᠤᠨ ᠡᠬᠢᠨ ᠤ ᠬᠢ ᠠᠴᠠ 8.2 ᠵᠠᠭᠤᠨ ᠤ ᠴᠡᠭ ᠲᠦᠷᠭᠡᠳᠪᠡ᠃ ᠣᠷᠣᠯᠭ᠎ᠠ ᠶᠢᠨ ᠪᠦᠲᠦᠴᠡ ᠠᠴᠠ ᠦᠵᠡᠪᠡᠯ᠂ ᠬᠢᠵᠠᠭᠠᠷᠯᠠᠭᠰᠠᠨ ᠳᠤᠭ᠎ᠠ ᠠᠴᠠ ᠠᠪᠴᠤ ᠦᠵᠡᠪᠡᠯ᠂ ᠵᠢᠯ ᠤᠨ ᠡᠬᠢᠨ ᠲᠠᠢ ᠬᠠᠷᠢᠴᠠᠭᠤᠯᠪᠠᠯ 2.6 ᠵᠠᠭᠤᠨ ᠤ ᠨᠢᠭᠡᠴᠢ ᠪᠠᠭᠠᠰᠴᠤ᠂ ᠡᠭᠦᠨ ᠳᠤ᠂ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.2% ᠨᠡᠮᠡᠭᠳᠡᠵᠦ᠂ ᠰᠦᠯᠵᠢᠶᠡᠨ ᠤ ᠬᠡᠷᠡᠭᠯᠡᠭᠡ ᠬᠥᠭᠵᠢᠶᠡᠨᠲᠡᠶ ᠪᠣᠯᠪᠠ᠃ ᠠᠵᠤ ᠠᠬᠤᠶᠢᠯᠠᠯ ᠠᠴᠠ ᠠᠪᠴᠤ ᠦᠵᠡᠪᠡᠯ᠂ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠳᠣᠣᠷ᠎ᠠ ᠨᠡᠯᠢᠶᠡᠳ ᠶᠡᠭᠡ ᠪᠠᠶᠢᠨ᠎ᠠ᠃ ᠬᠤᠤ ᠮᠧᠨ ᠱᠧᠩ ᠳᠠᠶᠢᠯᠠᠯᠭ᠎ᠠ ᠵᠣᠭᠰᠣᠭᠠᠭᠰᠠᠨ ᠪᠠ ᠰᠢᠪᠧᠶ ᠢᠳᠡᠭᠡᠨ ᠤᠮᠳᠠᠭᠠᠨ ᠤ ᠬᠡᠰᠡᠭ ᠳᠡᠯᠭᠡᠭᠦᠷ ᠢ ᠬᠠᠭᠠᠵᠤ ᠵᠣᠭᠰᠣᠭᠠᠭᠰᠠᠨ᠂ ᠴᠢᠩᠱᠠᠨ ᠵᠣᠴᠢᠳ ᠤᠨ ᠪᠠᠭᠤᠳᠠᠯ ᠤᠨ ᠵᠣᠴᠢᠯᠠᠬᠤ ᠬᠡᠮᠵᠢᠶ᠎ᠡ ᠪᠠᠭᠠᠰᠤᠭᠰᠠᠨ ᠵᠡᠷᠭᠡ ᠨᠥᠯᠥᠭᠡ ᠠᠴᠠ ᠪᠣᠯᠵᠣ᠂ 4 ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 40.6%᠎ ᠪᠠᠷ ᠪᠠᠭᠤᠷᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ 11 ᠵᠠᠭᠤᠨ ᠤ ᠨᠢᠭᠡᠴᠢ ᠳᠣᠷᠣᠭᠰᠢ ᠲᠠᠲᠠᠵᠦ᠂ ᠵᠠᠬ᠎ᠠ ᠳᠡᠯᠭᠡᠭᠦᠷ ᠤᠨ ᠨᠡᠮᠡᠭᠳᠡᠯ ᠳᠤ ᠠᠰᠢᠭ ᠥᠬᠡᠶ ᠪᠣᠯᠵᠠᠶ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号