︽ᠬᠡᠪ ᠳᠠᠭᠤᠷᠢᠶᠠᠯ ᠤᠨ ᠠᠵᠢᠯᠯᠠᠬᠤ ᠲᠠᠰᠤᠭ︾ + ︽ᠠᠮᠤᠷ ᠠᠮᠤᠭᠤᠯᠠᠩ ᠬᠥᠬᠡ ᠥᠩᠭᠡ︾᠎ ᠨᠢ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/26
      ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠭᠦᠨᠵᠡᠭᠡᠢᠷᠡᠭᠦᠯᠵᠦ᠂ ︽ᠴᠠᠭᠳᠠᠭ᠎ᠠ ᠰᠤᠷᠭᠠᠭᠤᠯᠢ ᠨᠡᠶᠢᠭᠡᠮ ᠲᠤᠭᠤᠷᠢᠭ︾᠎ ᠎ ᠤᠨ ᠰᠢᠨ᠎ᠡ ᠪᠠᠶᠢᠷᠢᠰᠢᠯ ᠢ ᠪᠠᠶᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠮᠢᠨ ᠢ ᠨᠡᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ᠂ ᠴᠢᠩᠱᠠᠨ ᠵᠠᠮ ᠤᠨ ᠲᠣᠮᠢᠯᠠᠭᠰᠠᠨ ᠰᠠᠯᠪᠤᠷᠢ᠂ ᠨᠢᠭᠡᠳᠦᠭᠡᠷ ᠮᠠᠰᠢᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠲᠠᠢ ᠬᠠᠮᠲᠤᠷᠠᠨ ᠨᠢᠭᠡ ᠤᠳᠠᠭᠠᠨ ᠤ ᠶᠡᠷᠦ ᠪᠤᠰᠤ ᠶᠢᠨ ᠠᠴᠢ ᠬᠤᠯᠪᠣᠭᠳᠠᠯ ᠲᠠᠢ ︽ᠴᠠᠭᠳᠠᠭ᠎ᠠ ᠰᠤᠷᠭᠠᠭᠤᠯᠢ ᠨᠡᠶᠢᠭᠡᠮ ᠲᠤᠭᠤᠷᠢᠭ ᠤᠨ ᠬᠤᠯᠪᠣᠭ᠎ᠠ︾᠎ ᠶᠢᠨ ᠠᠵᠢᠯᠯᠠᠭ᠎ᠠ ᠶᠢ ᠡᠷᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ︽ᠬᠡᠪ ᠳᠠᠭᠤᠷᠢᠶᠠᠯ ᠤᠨ ᠠᠵᠢᠯᠯᠠᠬᠤ ᠲᠠᠰᠤᠭ︾᠎ ᠤᠨ ᠦᠨᠳᠦᠰᠦᠨ ᠱᠠᠲᠤᠨ ᠤ ᠪᠣᠯᠪᠠᠰᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠵᠢᠭᠰᠠᠭᠠᠯ ᠤᠨ ᠭᠠᠵᠠᠷ ᠲᠤ ᠲᠦᠰᠢᠭᠯᠡᠨ᠂ ᠮᠠᠰᠢ ᠣᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠷᠣᠯᠴᠠᠬᠤ ᠶᠢ ᠲᠠᠲᠠᠵᠤ᠂ ᠰᠢᠨ᠎ᠡ ᠴᠠᠭ ᠦᠶ᠎ᠡ ᠶᠢᠨ ᠳᠠᠭᠠᠭᠤᠯᠭ᠎ᠠ ᠳᠣᠤᠷᠠᠬᠢ ᠴᠠᠭᠳᠠᠭ᠎ᠠ ᠠᠷᠠᠳ ᠤᠨ ᠬᠠᠷᠢᠯᠴᠠᠨ ᠬᠥᠳᠡᠯᠦᠯᠴᠡᠬᠦ ᠲᠠᠪᠴᠠᠩ ᠢ ᠪᠠᠶᠢᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠯᠡᠮᠡᠯ ᠬᠦᠴᠦᠨ ᠢ ᠨᠢᠭᠲᠠᠷᠠᠭᠤᠯᠪᠠ᠃      ᠠᠵᠢᠯᠯᠠᠭ᠎ᠠ ᠡᠬᠢᠯᠡᠮᠡᠭᠴᠡ᠂ ᠴᠢᠩᠱᠠᠨ ᠵᠠᠮ ᠤᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠵᠠᠩ ᠢᠦᠢ ᠨᠥᠬᠦᠷ ᠬᠠᠷᠢᠶ᠎ᠠ ᠣᠷᠣᠨ ᠤ ᠤᠢᠢᠷ᠎ᠠ ᠶᠢᠨ ᠵᠢᠯ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ᠂ ᠵᠥᠷᠢᠴᠡᠯ ᠢ ᠠᠷᠢᠯᠭᠠᠬᠤ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢ ᠨᠠᠷᠢᠨ ᠨᠢᠭᠲᠠ ᠡᠷᠭᠢᠴᠡᠭᠦᠯᠪᠡ᠃ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠰᠢᠷᠭᠠᠭᠤ ᠬᠠᠲᠠᠭᠤᠵᠢᠯᠲᠠᠶ ᠬᠥᠯᠥᠰᠥ ᠤᠰᠤ ᠪᠠ ᠬᠠᠷᠠᠮ ᠦᠭᠡᠢ ᠵᠣᠷᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠠᠶ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠮᠡᠬᠡᠯᠡᠯ ᠢ ᠡᠰᠡᠷᠭᠦᠴᠡᠬᠦ ᠠᠷᠠᠳ ᠤᠨ ᠴᠠᠭᠳᠠᠭ᠎ᠠ ᠨᠡᠶᠢᠭᠡᠮ ᠲᠣᠭᠤᠷᠢᠭ ᠤᠨ ᠣᠯᠠᠨ ᠡᠭᠦᠰᠬᠦ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ︽ᠬᠠᠭᠤᠳᠠᠰᠤ ᠪᠣᠳᠣᠵᠤ ᠠᠰᠢᠭ ᠬᠤᠨᠵᠢᠪᠣᠷᠢ ᠶᠢ ᠪᠤᠴᠠᠭᠠᠬᠤ︾᠂ ︽ᠵᠣᠴᠢᠨ ᠤ ᠦᠢᠯᠡᠴᠢᠯᠡᠭᠡ ᠪᠠᠷ ᠣᠪᠯᠠᠬᠤ︾ ᠵᠡᠷᠭᠡ ᠮᠡᠬᠡᠯᠡᠬᠦ ᠠᠷᠭ᠎ᠠ ᠵᠠᠮ ᠢ ᠨᠠᠷᠢᠨ ᠵᠠᠳᠠᠯᠵᠤ᠂ ᠰᠠᠭᠤᠭᠠᠯᠢ ᠠᠷᠠᠳ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠶᠢ ᠰᠠᠨᠠᠭᠤᠯᠪᠠ᠃ ᠬᠤᠤᠷᠲᠤ ᠡᠳ᠋ ᠢ ᠴᠠᠭᠠᠵᠠᠯᠠᠬᠤ ᠠᠷᠠᠳ ᠤᠨ ᠴᠠᠭᠳᠠᠭ᠎ᠠ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠲᠥᠷᠥᠯ ᠬᠡᠯᠪᠡᠷᠢ ᠵᠢᠴᠢ ᠢᠯᠭᠠᠨ ᠲᠠᠨᠢᠬᠤ ᠠᠷᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠬᠠᠭᠤᠷᠮᠠᠭᠯᠠᠬᠤ ᠠᠷᠭ᠎ᠠ ᠪᠠᠷᠢᠯ ᠵᠢᠴᠢ ᠬᠤᠤᠷ ᠬᠥᠨᠥᠭᠡᠯ ᠢ ᠨᠠᠷᠢᠨ ᠲᠠᠶᠢᠯᠪᠤᠷᠢᠯᠠᠵᠤ᠂ ᠣᠯᠠᠨ ᠢ ᠬᠤᠤᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠲᠤ ᠴᠣᠭᠴᠠᠯᠠᠬᠤ ᠶᠢ ᠤᠷᠢᠶᠠᠯᠠᠪᠠ᠃ ᠲᠤᠬᠠᠶ ᠶᠢᠨ ᠲᠠᠯᠠᠪᠠᠶ ᠳᠤ ᠪᠠᠰᠠ ᠬᠠᠷᠢᠯᠴᠠᠨ ᠬᠥᠳᠡᠯᠦᠯᠴᠡᠬᠦ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠭᠠᠷᠭᠠᠵᠤ᠂ ᠰᠠᠭᠤᠭᠠᠯᠢ ᠠᠷᠠᠳ ᠢᠳᠡᠪᠬᠢᠲᠡᠶ ᠣᠷᠣᠯᠴᠠᠵᠤ᠂ ᠰᠣᠨᠢᠷᠬᠠᠯ ᠤᠨ ᠳᠤᠮᠳᠠ ᠠᠮᠤᠷ ᠲᠦᠪᠰᠢᠨ ᠤ ᠮᠡᠳᠡᠯᠭᠡ ᠶᠢ ᠰᠤᠷᠤᠯᠴᠠᠪᠠ᠃      ᠲᠣᠰ ᠤᠳᠠᠭᠠᠨ ᠤ ︽ᠴᠠᠭᠳᠠᠭ᠎ᠠ ᠰᠤᠷᠭᠠᠭᠤᠯᠢ ᠨᠡᠶᠢᠭᠡᠮ ᠲᠤᠭᠤᠷᠢᠭ︾᠎ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠨᠢ ︽ᠤᠬᠠᠭᠤᠯᠤᠨ ᠲᠠᠶᠢᠯᠪᠤᠷᠢᠯᠠᠬᠤ + ᠤᠳᠬ᠎ᠠ ᠤᠷᠠᠯᠢᠭ︾᠎ ᠤᠨ ᠰᠢᠨ᠎ᠡ ᠶᠢ ᠡᠭᠦᠳᠬᠦ ᠬᠡᠯᠪᠡᠷᠢ ᠪᠠᠷ ᠳᠠᠮᠵᠢᠭᠤᠯᠤᠨ᠂ ᠠᠮᠤᠷ ᠲᠦᠪᠰᠢᠨ ᠤ ᠮᠡᠳᠡᠯᠭᠡ ᠬᠢᠭᠡᠳ ᠰᠣᠶᠣᠯ ᠤᠨ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠴᠠᠭᠳᠠᠭ᠎ᠠ ᠠᠷᠠᠳ ᠤᠨ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠪᠠ᠃ ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠦᠷᠭᠦᠯᠵᠢᠯᠡᠨ ︽ᠬᠡᠪ ᠳᠠᠭᠤᠷᠢᠶᠠᠯ ᠤᠨ ᠠᠵᠢᠯᠯᠠᠬᠤ ᠲᠠᠰᠤᠭ + ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ︾᠎ ᠶᠢᠨ ᠠᠷᠭ᠎ᠠ ᠬᠡᠯᠪᠡᠷᠢ ᠪᠠᠷ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠨᠡᠶᠢᠭᠡᠮ ᠲᠣᠭᠤᠷᠢᠭ ᠤᠨ ᠬᠥᠭᠵᠢᠯᠲᠡ ᠪᠣᠯᠤᠨ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠳᠤ ᠨᠣᠭᠤᠭᠠᠨ ᠳ᠋ᠧᠩ ᠭᠡᠷᠡᠯᠳᠦᠬᠦᠯᠬᠦ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号