ᠪᠤᠭᠤᠲᠤ ᠬᠤᠳᠠ ᠶᠢᠨ ᠴᠢᠩᠱᠠᠨ ᠲᠣᠭᠤᠷᠢᠭ ᠲᠤ᠂ ᠣᠨᠴᠠᠭᠠᠢ ᠪᠠᠶᠢᠭᠠᠯᠢ ᠶᠢᠨ ᠨᠥᠬᠦᠴᠡᠯ ᠨᠢ ᠲᠠᠷᠢᠶᠠᠯᠠᠩ ᠤᠨ | ᠦᠢᠯᠡᠳᠪᠦᠷᠢᠯᠡᠯ ᠳᠤ ᠮᠠᠰᠢ ᠤᠯᠠᠨ ᠥᠷᠢᠰᠥᠯᠳᠦᠭᠡᠨ ᠠᠪᠴᠢᠷᠠᠭᠰᠠᠨ ᠪᠠᠶᠢᠨ᠎ᠠ᠃ ᠠᠳᠡᠬᠢ ᠭᠠᠵᠠᠷ ᠤᠨ ᠪᠠᠶᠢᠴᠠ ᠨᠢ | ᠠᠭᠤᠯᠠᠷᠬᠠᠭ ᠣᠷᠣᠨ᠂ ᠥᠨᠳᠦᠷᠯᠢᠭ ᠢᠶᠠᠷ ᠭᠤᠣᠯ ᠪᠣᠯᠭᠠᠵᠤ᠂ ᠳᠠᠯᠠᠢ ᠶᠢᠨ ᠲᠦᠪᠰᠢᠨ ᠠᠴᠠ ᠨᠡᠯᠢᠶᠡᠳ ᠥᠨᠳᠥᠷ | ᠮᠥᠷᠲᠡᠭᠡᠨ ᠬᠡᠰᠡᠭ ᠭᠠᠵᠠᠷ ᠤᠨ ᠪᠠᠶᠢᠴᠠ ᠶᠡᠭᠡ ᠪᠠᠶᠢᠳᠠᠭ︔ ᠳᠤᠯᠠᠭᠠᠨ ᠪᠦᠰᠡᠲᠦ ᠡᠬᠡ ᠭᠠᠵᠠᠷ ᠤᠨ ᠴᠢᠨᠠᠷᠲᠠᠢ ᠠᠭᠤᠷ | ᠠᠮᠢᠰᠬᠤᠯ ᠤᠨ ᠨᠥᠯᠥᠭᠡ ᠠᠴᠠ ᠪᠣᠯᠵᠤ᠂ ᠵᠣᠨ ᠤ ᠤᠯᠠᠷᠢᠯ ᠤᠨ ᠥᠨᠳᠥᠷ ᠬᠠᠯᠠᠭᠤᠨ ᠴᠠᠭ ᠣᠬᠤᠷ᠂ ᠭᠠᠩ | ᠬᠠᠭᠰᠠᠷᠠᠭᠠᠨ ᠭᠠᠩ ᠬᠠᠭᠤᠷᠠᠶ ᠪᠠᠶᠢᠵᠤ᠂ ᠬᠤᠷ᠎ᠠ ᠲᠣᠨᠣᠳᠠᠰᠤ ᠪᠠᠭ᠎ᠠ ᠮᠥᠷᠲᠡᠭᠡᠨ ᠲᠠᠷᠬᠠᠯᠲᠠ ᠲᠡᠭᠰᠢ ᠪᠤᠰᠤ᠂ ᠰᠢᠷ᠎ᠠ | ᠪᠤᠷᠴᠠᠭ ᠤᠨ ᠤᠷᠭᠤᠯᠲᠠ ᠳᠤ ᠬᠡᠷᠡᠭᠰᠡᠬᠦ ᠳᠤᠯᠠᠭᠠᠨ᠂ ᠤᠰᠤᠨ ᠤ ᠨᠥᠬᠦᠴᠡᠯ ᠵᠢᠴᠢ ᠭᠠᠵᠠᠷ ᠤᠨ ᠪᠠᠶᠢᠴᠠ ᠶᠢ | ᠬᠠᠩᠭᠠᠬᠤ ᠳᠤ ᠪᠡᠷᠬᠡ ᠪᠠᠶᠢᠵᠤ᠂ ᠰᠢᠷ᠎ᠠ ᠪᠤᠷᠴᠠᠭ ᠳᠠᠷᠢᠬᠤ ᠳᠤ ᠬᠡᠷᠡᠭᠰᠡᠬᠦ ᠲᠡᠭᠰᠢ ᠭᠠᠵᠠᠷ ᠤᠨ ᠪᠠᠶᠢᠴᠠ ᠶᠢᠨ | ᠱᠠᠭᠠᠷᠳᠠᠯᠭ᠎ᠠ ᠳᠤ ᠠᠰᠢᠭ ᠦᠭᠡᠢ ᠪᠠᠶᠢᠳᠠᠭ᠃ | 2025 ᠣᠨ ᠳᠤ᠂ ᠴᠢᠩᠱᠠᠨ ᠲᠣᠭᠤᠷᠢᠭ ᠤᠨ ᠠᠮᠤ ᠪᠤᠳᠠᠭ᠎ᠠ ᠲᠠᠷᠢᠬᠤ ᠲᠠᠯᠠᠪᠠᠢ ᠨᠢᠭᠡᠨᠲᠡ 8000 ᠮᠦ ᠳᠤ | ᠬᠦᠷᠴᠦ᠂ ᠤᠨᠠᠯᠲᠠ ᠨᠢ ᠪᠠᠷᠤᠭ 5500 ᠲᠣᠨ ᠳᠤ ᠬᠦᠷᠴᠦ᠂ ᠳᠡᠭᠡᠳᠦ ᠱᠠᠲᠤᠨ ᠠᠴᠠ ᠪᠠᠭᠤᠯᠭᠠᠭᠰᠠᠨ 4000 ᠮᠦ | ᠠᠮᠤ ᠪᠤᠳᠠᠭ᠎ᠠ ᠲᠠᠷᠢᠬᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠴᠢᠩᠱᠠᠨ ᠲᠣᠭᠤᠷᠢᠭ ᠤᠨ ᠨᠢᠭᠲᠠ ᠳᠠᠷᠢᠬᠤ | ᠮᠡᠷᠭᠡᠵᠢᠯ ᠬᠢᠭᠡᠳ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠳᠠᠷᠢᠬᠤ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ | ᠵᠦᠶ ᠵᠣᠬᠢᠰᠲᠠᠶ ᠨᠢᠭᠲᠠ ᠳᠠᠷᠢᠬᠤ ᠪᠠᠷ ᠳᠠᠮᠵᠢᠭᠤᠯᠤᠨ ᠭᠠᠵᠠᠷ ᠰᠢᠷᠣᠶ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ | ᠨᠠᠷᠢᠯᠢᠭ ᠤᠨᠤᠪᠴᠢᠲᠠᠢ ᠤᠰᠤ ᠪᠣᠷᠳᠣᠭᠤᠷ ᠤᠨ ᠬᠠᠩᠭᠠᠯᠭ᠎ᠠ ᠲᠠᠢ ᠤᠶᠠᠯᠳᠤᠭᠤᠯᠤᠨ᠂ ᠡᠷᠳᠡᠨᠢ ᠰᠢᠰᠢ ᠶᠢᠨ | ᠥᠰᠦᠯᠲᠡ ᠳᠤ ᠬᠠᠮᠤᠭ ᠤᠨ ᠰᠢᠯᠢᠳᠡᠭ ᠣᠷᠴᠢᠨ ᠲᠣᠭᠤᠷᠢᠨ ᠢ ᠪᠣᠶ ᠪᠣᠯᠭᠠᠵᠤ᠂ ᠡᠷᠳᠡᠨᠢ ᠰᠢᠰᠢ ᠶᠢᠨ ᠤᠨᠠᠯᠲᠠ ᠶᠢ | ᠢᠯᠡᠳᠲᠡ ᠳᠡᠭᠡᠭᠰᠢᠯᠡᠭᠦᠯᠪᠡ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠨᠢ ᠡᠷᠳᠡᠨᠢ ᠰᠢᠰᠢ | ᠳᠠᠷᠢᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠴᠢᠩᠱᠠᠨ ᠲᠣᠭᠤᠷᠢᠭ ᠤᠨ ᠡᠷᠳᠡᠨᠢ ᠰᠢᠰᠢ | ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠥᠬᠦᠪᠥᠷᠢ ᠶᠢᠨ | ᠪᠠᠷᠢᠮᠵᠢᠶ᠎ᠠ ᠨᠢ ᠪᠠᠷᠤᠭ 20 ᠲᠥᠭᠦᠷᠢᠭ \ ᠮᠦ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠥᠪᠡᠷ ᠤᠨ ᠥᠷᠲᠡᠭ ᠢ | ᠦᠨᠡᠨᠬᠦ ᠪᠠᠭᠤᠷᠠᠭᠤᠯᠵᠤ᠂ ᠲᠠᠷᠢᠶᠠᠴᠢᠳ ᠤᠨ ᠡᠷᠳᠡᠨᠢ ᠰᠢᠰᠢ ᠲᠠᠷᠢᠬᠤ ᠢᠳᠡᠪᠬᠢᠵᠢᠯ ᠢ ᠪᠦᠲᠦᠮᠵᠢᠲᠡᠶ ᠳᠠᠶᠢᠴᠢᠯᠠᠵᠤ᠂ | ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠪᠠ᠃ | ᠢᠷᠡᠭᠡᠳᠦᠢ ᠳᠤ ᠴᠢᠩᠱᠠᠨ ᠲᠣᠭᠤᠷᠢᠭ ᠨᠢ ᠦᠷᠭᠦᠯᠵᠢᠯᠡᠨ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ | ᠰᠠᠭᠤᠷᠢᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠨ | ᠰᠢᠯᠢᠳᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠮ ᠳᠡᠭᠡᠷ᠎ᠡ ᠯᠠᠪᠳᠠᠭᠤᠨ ᠢᠶᠠᠷ ᠤᠷᠤᠭᠰᠢᠯᠠᠵᠤ᠂ | ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠪᠣᠯᠤᠨ᠎ᠠ᠃ | | | | |