ᠣᠶᠢᠷ᠎ᠠ ᠳᠤ᠂ ᠴᠢᠩ ᠡᠤ ᠨᠡᠶᠢᠭᠡᠮ ᠲᠣᠭᠤᠷᠢᠭ ︽ᠰᠠᠶᠢᠨ ᠳᠤᠷ᠎ᠠ ᠶᠢᠨ ᠦᠢᠯᠡᠴᠢᠯᠡᠭᠡ ᠪᠠᠷ ᠦᠨᠡᠨᠴᠢ | ᠰᠡᠳᠬᠢᠯᠭᠡ ᠪᠠᠨ ᠡᠷᠭᠦᠵᠦ᠂ ᠦᠨᠳᠦᠰᠦᠲᠡᠨ ᠤ ᠪᠦᠯᠬᠦᠮᠳᠡᠯ ᠠᠷᠠᠳ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠤᠯ | ᠰᠡᠳᠦᠪ ᠪᠣᠯᠭᠠᠵᠤ᠂ ︽ᠨᠤᠲᠤᠭ ᠤᠨ ᠦᠨᠦᠷ ᠠᠮᠲᠠ︾ ᠲᠡᠭᠦᠯᠳᠡᠷ ᠪᠥᠭᠡᠳ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ | ᠶᠡᠷᠦᠩᠬᠡᠶᠢᠯᠡᠭᠰᠡᠨ ᠴᠢᠨᠠᠷᠲᠠᠶ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠨᠢ | ᠠᠷᠠᠳ ᠤᠨ ᠠᠮᠢᠳᠤᠷᠠᠯ ᠤᠨ ᠦᠢᠯᠡᠴᠢᠯᠡᠭᠡ ᠪᠣᠯᠤᠨ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢ ᠭᠦᠨᠵᠡᠭᠡᠶ | ᠠᠭᠤᠰᠤᠯᠴᠠᠭᠤᠯᠵᠤ᠂ ︽ᠭᠡᠷ ᠤᠨ ᠶᠠᠷᠢᠶ᠎ᠠ︾ ᠮᠡᠲᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ | ᠰᠠᠭᠤᠭᠠᠯᠢ ᠠᠷᠠᠳ ᠲᠤ ᠬᠡᠷ ᠤᠨ ᠡᠭᠦᠳᠡᠨ ᠳᠤ ᠨᠠᠮ ᠤᠨ ᠬᠠᠶᠢᠷ᠎ᠠ ᠬᠠᠯᠠᠮᠵᠢ ᠪᠣᠯᠤᠨ ᠨᠡᠶᠢᠭᠡᠮ ᠲᠣᠭᠤᠷᠢᠭ ᠤᠨ | ᠬᠠᠶᠢᠷ᠎ᠠ ᠬᠠᠯᠠᠮᠵᠢ ᠶᠢ ᠬᠦᠷᠲᠡᠭᠡᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠣᠯᠠᠨ ᠲᠦᠮᠡᠨ ᠤ | ᠰᠡᠳᠬᠢᠯ ᠳᠤ ᠬᠦᠷᠭᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠰᠠᠶᠢᠨ | ᠳᠤᠷᠠᠴᠤᠤᠯ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ᠃ ᠭᠠᠷ ᠠᠪᠤᠯᠭ᠎ᠠ ᠶᠢᠨ | ᠠᠭᠤᠯᠭ᠎ᠠ ᠳᠤ ᠦᠨᠳᠦᠰᠦᠲᠡᠨ ᠤ ᠪᠦᠯᠬᠦᠮᠳᠡᠯ ᠤᠨ ᠮᠡᠳᠡᠯᠭᠡ᠂ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠮᠡᠳᠡᠯᠭᠡ ᠵᠡᠷᠭᠡ ᠶᠢ ᠬᠠᠮᠤᠷᠴᠤ᠂ ᠵᠢᠷᠤᠭ | ᠪᠢᠴᠢᠭ ᠢ ᠬᠤᠤᠰᠯᠠᠭᠤᠯᠤᠭᠰᠠᠨ ᠬᠡᠯᠪᠡᠷᠢ ᠨᠢ ᠪᠤᠳᠤᠯᠢᠶᠠᠨᠲᠠᠶ ᠲᠥᠷᠥ ᠶᠢᠨ ᠪᠣᠳᠣᠯᠭ᠎ᠠ ᠶᠢ ᠬᠢᠯᠪᠠᠷ ᠣᠶᠢᠯᠠᠭᠠᠮᠵᠢᠲᠠᠶ | ᠪᠣᠯᠭᠠᠨ᠎ᠠ᠃ ᠴᠥᠭᠡᠨ ᠪᠤᠰᠤ ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠡᠲᠡᠭᠡᠷ ᠭᠠᠷ ᠳᠡᠪᠲᠡᠷ ᠨᠢ ᠶᠠᠭ | ︽ᠬᠡᠷᠡᠭᠯᠡᠭᠡᠨ ᠤ ᠵᠢᠵᠢᠭ ᠨᠡᠪᠲᠡᠷᠬᠡᠶ ᠰᠠᠯᠠᠭ᠎ᠠ︾ ᠲᠠᠢ ᠠᠳᠠᠯᠢ ᠪᠠᠷ ᠴᠠᠭ ᠲᠤᠬᠠᠶ ᠳᠤᠨᠢ ᠪᠠᠶᠢᠴᠠᠭᠠᠨ ᠦᠵᠡᠵᠦ | ᠰᠤᠷᠤᠯᠴᠠᠬᠤ ᠳᠤ ᠲᠥᠬᠦᠮ ᠪᠣᠯᠵᠠᠶ ᠭᠡᠵᠡᠶ᠃ | ᠲᠣᠰ ᠤᠳᠠᠭᠠᠨ ᠤ ᠠᠵᠢᠯᠯᠠᠭ᠎ᠠ ᠨᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠ ᠦᠨᠳᠦᠰᠦᠲᠡᠨ ᠤ | ᠪᠦᠯᠬᠦᠮᠳᠡᠯ ᠤᠨ ᠤᠬᠠᠭᠤᠯᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠰᠠᠭᠤᠭᠠᠯᠢ ᠠᠷᠠᠳ ᠲᠤ ᠳᠣᠲᠣᠨᠣ | ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠨᠠᠩ | ᠢᠯᠡᠭᠦᠤ ᠰᠡᠳᠬᠢᠯ ᠳᠤ ᠬᠠᠳᠠᠩᠰᠢᠭᠤᠯᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ | ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠴᠢᠩ ᠡᠤ ᠨᠡᠶᠢᠭᠡᠮ ᠲᠣᠭᠤᠷᠢᠭ ᠤᠨ ᠬᠢᠨ ᠣᠯᠠᠨ ᠶᠠᠩᠵᠤ ᠬᠡᠯᠪᠡᠷᠢ ᠶᠢᠨ ᠠᠷᠠᠳ ᠲᠤ | ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠩ ᠣᠯᠠᠨ ︽ᠰᠢᠪᠡᠷ ᠰᠢᠷᠣᠶ᠂ ᠰᠢᠭᠦᠳᠡᠷᠢ᠂ | ᠬᠠᠯᠠᠭᠤᠨ ᠬᠡ ᠲᠠᠢ ᠪᠠᠶᠢᠬᠤ︾ ᠦᠢᠯᠡᠴᠢᠯᠡᠭᠡ ᠪᠠᠷ ᠨᠡᠶᠢᠭᠡᠮ ᠲᠣᠭᠤᠷᠢᠭ ᠢ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠮᠲᠤ ᠶᠢᠨ ᠬᠠᠯᠠᠭᠤᠨ ᠳᠤᠯᠠᠭᠠᠨ ᠬᠡᠷ ᠣᠷᠣᠨ ᠪᠣᠯᠭᠠᠵᠤ᠂ ᠨᠠᠮ ᠤᠨ ᠠᠴᠢ ᠳᠤ ᠲᠠᠯᠠᠷᠬᠠᠬᠤ ᠬᠠᠶᠢᠷ᠎ᠠ | ᠰᠡᠳᠬᠢᠯᠭᠡ ᠶᠢ ᠴᠠᠶᠢᠶ᠋ᠢᠦ ᠪᠤᠳᠠᠭ᠎ᠠ ᠶᠢᠨ ᠬᠢᠨ ᠳᠤ ᠦᠨᠳᠦᠰᠦᠯᠡᠭᠦᠯᠦᠨ ᠨᠠᠬᠢᠭᠤᠯᠤᠨᠠ᠃ | | | | | | |