ᠴᠢᠩᠱᠠᠨ ᠲᠣᠭᠤᠷᠢᠭ ᠤᠨ 3 ᠠᠵᠤ ᠠᠬᠤᠶᠢᠯᠠᠯ ᠤᠨ ᠦᠷ᠎ᠡ ᠪᠦᠲᠦᠭᠡᠯ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠳᠡᠰ ᠤᠨ ᠤᠶᠤᠨᠴᠢᠯᠠᠭᠰᠠᠨ ᠦᠢᠯᠡᠳᠪᠦᠷᠢ ᠶᠢ ᠭᠤᠶᠤᠴᠢᠯᠠᠨ ᠮᠡᠳᠡᠭᠦᠯᠪᠡ
ᠨᠡᠶᠢᠲᠡᠯᠡᠭᠰᠡᠨ ᠴᠠᠭ᠄
2025/5/27
      5 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠨᠢ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠲᠠᠰ ᠤᠨ ᠣᠶᠤᠨᠴᠢ ᠦᠢᠯᠡᠳᠪᠦᠷᠢ ᠶᠢᠨ ᠮᠠᠭᠠᠳᠯᠠᠨ ᠲᠣᠭᠲᠠᠭᠠᠬᠤ ᠨᠡᠷᠡᠰ ᠢ ᠨᠡᠶᠢᠲᠡᠯᠡᠵᠦ᠂ ᠴᠢᠩᠱᠠᠨ ᠲᠣᠭᠤᠷᠢᠭ ᠤᠨ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ᠤᠨ ᠪᠤᠭᠤᠲᠤ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠧᠩ ᠨᠢᠦ ᠪᠤᠭᠤᠲᠤ ᠶᠢᠨ ᠲᠡᠷᠢᠭᠦᠨ ᠤ ᠲᠠᠰ ᠤᠨ ᠤᠶᠤᠨᠲᠤ ᠦᠢᠯᠡᠳᠪᠦᠷᠢ᠂ ᠳᠤᠮᠳᠠᠳᠤ ᠤᠯᠤᠰ ᠤᠨ ᠴᠥᠮ᠎ᠡ ᠶᠢᠨ ᠰᠢᠲᠠᠭᠠᠯᠭ᠎ᠠ ᠶᠢᠨ ᠲᠣᠨᠤᠭ ᠤᠨ ᠬᠢᠵᠠᠭᠠᠷᠲᠤ ᠺᠣᠮᠫᠠᠨᠢ ᠶᠢᠨ ᠤᠰᠤ ᠳᠠᠷᠤᠵᠤ ᠵᠤᠤᠬ᠎ᠠ ᠴᠥᠮ᠎ᠡ ᠶᠢᠨ ᠰᠢᠲᠠᠭᠠᠯᠭ᠎ᠠ ᠶᠢᠨ ᠲᠣᠨᠤᠭ ᠤᠨ ᠣᠶᠤᠨᠴᠢ ᠦᠢᠯᠡᠳᠬᠦ ᠦᠢᠯᠡᠳᠪᠦᠷᠢ ᠵᠢᠴᠢ ᠥᠪᠥᠷ ᠮᠣᠩᠭᠤᠯ ᠤᠨ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠤᠨ ᠢᠨᠲ᠋ᠧᠷ ᠰᠦᠯᠵᠢᠶᠡᠨ ᠤ ᠲᠣᠭᠠᠴᠢᠯᠠᠭᠰᠠᠨ ᠢᠬᠡᠷ᠎ᠡ ᠣᠶᠤᠨᠴᠢ ᠦᠢᠯᠡᠳᠪᠦᠷᠢ ᠶᠢ ᠨᠡᠶᠢᠲᠡᠯᠡᠵᠦ᠂ 3 ᠠᠵᠤ ᠠᠬᠤᠶᠢᠯᠠᠯ ᠨᠢ ᠲᠥᠬᠦᠭᠡᠷᠦᠮᠵᠢ ᠶᠢ ᠠᠰᠢᠭᠯᠠᠨ ᠰᠢᠨᠡᠴᠢᠯᠡᠬᠦ᠂ ᠤᠷ᠎ᠠ ᠮᠡᠷᠭᠡᠵᠢᠯ ᠢ ᠲᠠᠰ ᠳᠡᠪᠰᠢᠭᠦᠯᠬᠦ᠂ ᠲᠣᠭᠠᠴᠢᠯᠠᠭᠰᠠᠨ ᠡᠨᠧᠷᠭᠢ ᠣᠯᠭᠤᠬᠤ᠂ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠲᠣᠪᠤᠶᠢᠮ᠎ᠠ ᠢᠯᠡᠷᠡᠯ ᠢᠶᠠᠷ ᠲᠣᠰ ᠤᠳᠠᠭᠠᠨ ᠤ ᠨᠡᠷᠡᠰ ᠲᠤ ᠰᠣᠩᠭᠤᠭᠳᠠᠵᠠᠶ᠃ ᠡᠨᠡ ᠬᠦ ᠦᠷ᠎ᠡ ᠪᠦᠲᠦᠭᠡᠯ ᠨᠢ ᠴᠢᠩᠱᠠᠨ ᠲᠣᠭᠤᠷᠢᠭ ᠤᠨ ᠦᠢᠯᠡᠳᠬᠦ ᠦᠢᠯᠡᠰ ᠤᠨ ᠤᠶᠤᠨᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠤᠯᠤᠭᠰᠠᠨ ᠢᠶᠠᠷ ᠪᠠᠷᠠᠬᠤ ᠦᠭᠡᠢ᠂ ᠲᠣᠭᠠᠴᠢᠯᠠᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠢᠯᠡᠳᠲᠡ ᠦᠷ᠎ᠡ ᠪᠦᠲᠦᠮᠵᠢ ᠶᠢ ᠨᠡᠩ ᠢᠯᠡᠭᠦᠦ ᠢᠯᠡᠷᠡᠭᠦᠯᠦᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠡᠭᠦᠨ ᠢᠶᠠᠷ ᠠᠵᠠ ᠲᠣᠬᠢᠶᠠᠯ ᠪᠣᠯᠭᠠᠵᠤ᠂ ᠣᠶᠤᠨᠴᠢ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢ ᠲᠡᠰ ᠬᠤᠪᠢᠶᠠᠨ ᠠᠬᠢᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠤᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ ᠤᠨ ᠭᠦᠨᠵᠡᠭᠡᠢ ᠬᠡᠷᠡᠭᠯᠡᠯᠲᠡ ᠶᠢ ᠠᠬᠢᠭᠤᠯᠵᠤ᠂ ᠢᠷᠡᠭᠡᠳᠦᠢ ᠶᠢᠨ ᠦᠢᠯᠡᠳᠬᠦ ᠰᠢᠨ᠎ᠡ ᠵᠠᠭᠪᠤᠷ ᠢ ᠰᠦᠪᠡᠭᠴᠢᠯᠡᠨ᠎ᠡ᠃ ᠣᠲᠣ ᠶᠢᠨ ᠪᠠᠶᠢᠭ᠎ᠠ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠪᠠ ᠤᠶᠤᠨᠲᠤ ᠦᠢᠯᠡᠳᠪᠦᠷᠢ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠲᠠᠰ ᠵᠢᠴᠢ ᠲᠡᠭᠦᠨ ᠠᠴᠠ ᠳᠡᠭᠡᠭᠰᠢᠬᠢ ᠤᠶᠤᠨᠲᠤ ᠦᠢᠯᠡᠳᠪᠦᠷᠢ ᠶᠢ ᠲᠠᠰ ᠳᠡᠪᠰᠢᠭᠦᠯᠦᠨ ᠴᠣᠭᠴᠠᠯᠠᠨ᠎ᠠ᠃ ᠴᠢᠩᠱᠠᠨ ᠲᠣᠭᠤᠷᠢᠭ ᠤᠨ ᠳᠣᠲᠣᠭᠠᠳᠤ ᠶᠢᠨ ᠳᠠᠪᠠᠭᠤᠯᠢᠭ ᠠᠵᠢᠯ ᠲᠥᠷᠥᠯ ᠤᠨ ᠲᠦᠷᠦᠭᠦᠤ ᠠᠵᠤ ᠠᠬᠤᠶᠢᠯᠠᠯ ᠤᠨ ᠠᠶᠠᠯᠠᠯ ᠤᠨ ᠲᠠᠰ ᠤᠨ ᠤᠶᠤᠨᠴᠢᠯᠠᠭᠰᠠᠨ ᠦᠢᠯᠡᠳᠪᠦᠷᠢ ᠶᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号