ᠰᠢᠩ ᠱᠧᠩ ᠪᠠᠯᠭᠠᠰᠤ ︽ᠢᠷᠭᠡᠨ ᠤ ᠬᠠᠤᠯᠢ ᠶᠢᠨ ᠪᠢᠴᠢᠭ ᠢ ᠬᠥᠳᠡᠭᠡ ᠲᠣᠰᠬᠤᠨ ᠳᠤ ᠣᠷᠣᠭᠤᠯᠬᠤ · ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ ᠠᠷᠠᠳ ᠲᠤ ᠠᠰᠢᠭ ᠬᠦᠷᠲᠡᠭᠡᠬᠦ︾ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/28
      2025 ᠣᠨ ᠤ 5 ᠳ᠋ᠤᠭᠠᠷ ᠰᠠᠷ᠎ᠠ ᠶᠠᠭ ᠪᠥᠬᠦ ᠤᠯᠤᠰ ᠤᠨ ᠲᠠᠪᠤᠳᠤᠭᠠᠷ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠪᠣᠯᠵᠣ ᠪᠠᠶᠢᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠢᠷᠭᠡᠨ ᠤ ᠬᠠᠤᠯᠢ ᠶᠢᠨ ᠪᠢᠴᠢᠭ ᠢ ᠣᠯᠠᠨ ᠲᠦᠮᠡᠨ ᠤ ᠠᠮᠢᠳᠤᠷᠠᠯ ᠲᠠᠢ ᠦᠨᠡᠨ ᠬᠦ ᠣᠶᠢᠷᠠᠲᠤᠭᠤᠯᠵᠤ᠂ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠢᠩ ᠱᠧᠩ ᠪᠠᠯᠭᠠᠰᠤ ︽ᠢᠷᠭᠡᠨ ᠤ ᠬᠠᠤᠯᠢ ᠶᠢᠨ ᠪᠢᠴᠢᠭ ᠢ ᠰᠢᠶᠠᠩ ᠲᠣᠰᠬᠤᠨ ᠳᠤ ᠣᠷᠣᠭᠤᠯᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ ᠠᠷᠠᠳ ᠲᠤ ᠠᠰᠢᠭ ᠬᠦᠷᠲᠡᠭᠡᠬᠦ︾ ᠭᠡᠬᠦ ᠭᠤᠤᠯ ᠰᠡᠳᠦᠪ ᠤᠨ ᠲᠣᠭᠤᠷᠢᠨ ᠳᠤ ᠠᠯᠢ ᠣᠯᠠᠨ ᠬᠡᠯᠪᠡᠷᠢ ᠮᠠᠶ᠋ᠢᠭ ᠤᠨ᠂ ᠠᠭᠤᠯᠭ᠎ᠠ ᠪᠠᠷ ᠪᠠᠶᠠᠯᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠤᠭᠤᠲᠠ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ︵ᠰᠠᠭᠤᠭᠠᠯᠢ ᠠᠷᠠᠳ︶᠎ ᠤ ᠠᠷᠠᠳ ᠲᠤ ᠢᠷᠭᠡᠨ ᠤ ᠬᠠᠤᠯᠢ ᠶᠢᠨ ᠪᠢᠴᠢᠭ ᠤᠨ ᠭᠤᠤᠯᠳᠠᠯᠭ᠎ᠠ ᠲᠠᠢ ᠠᠭᠤᠯᠭ᠎ᠠ ᠶᠢ ᠥᠷᠭᠡᠨ ᠢᠶᠠᠷ ᠤᠬᠠᠭᠤᠯᠪᠠ᠃ ᠠᠵᠢᠯᠲᠠᠳ ᠪᠠᠰᠠ ︽ᠢᠷᠭᠡᠨ ᠤ ᠬᠠᠤᠯᠢ ᠶᠢᠨ ᠪᠢᠴᠢᠭ︾᠎ ᠤᠨ ᠬᠠᠤᠯᠢ ᠲᠣᠭᠲᠠᠭᠠᠭᠰᠠᠨ ᠥᠩᠭᠡᠷᠡᠯᠲᠡ᠂ ᠠᠬᠤᠶ ᠪᠠᠶᠢᠳᠠᠯ ᠪᠠ ᠴᠢᠬᠤᠯᠠ ᠥᠷᠲᠡᠭ ᠤᠨ ᠠᠴᠢ ᠬᠤᠯᠪᠣᠭᠳᠠᠯ ᠢ ᠨᠠᠷᠢᠨ ᠲᠠᠨᠢᠯᠴᠠᠭᠤᠯᠵᠤ᠂ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠡᠳᠦᠷ ᠲᠤᠲᠤᠮ ᠤᠨ ᠦᠶ᠋ᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠵᠦᠶ᠋ᠯ ᠵᠤᠷᠪᠤᠰ ᠲᠤ ᠴᠢᠭᠯᠡᠭᠦᠯᠦᠨ ᠲᠠᠶᠢᠯᠪᠤᠷᠢᠯᠠᠯᠲᠠ ᠬᠢᠵᠡᠶ᠃ ᠤᠬᠠᠭᠤᠯᠭ᠎ᠠ ᠶᠢᠨ ᠠᠭᠤᠯᠭ᠎ᠠ ᠨᠢ ᠨᠠᠷᠢᠨ ᠪᠣᠳᠠᠲᠠᠶ᠂ ᠵᠢᠷᠤᠭ ᠪᠢᠴᠢᠭ ᠢ ᠬᠤᠤᠰᠯᠠᠭᠤᠯᠵᠤ᠂ ᠲᠣᠰᠬᠤᠨ ︵ᠰᠠᠭᠤᠭᠠᠯᠢ︶᠎ ᠤ ᠠᠷᠠᠳ ᠤᠨ ᠪᠣᠳᠠᠲᠠᠶ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠲᠠᠢ ᠤᠶᠠᠯᠳᠤᠭᠤᠯᠤᠨ᠂ ᠳᠥᠭᠦᠮ ᠣᠶᠢᠯᠠᠭᠠᠮᠵᠢᠲᠠᠶ ᠵᠦᠢᠷᠯᠡᠯ ᠪᠠ ᠠᠮᠢᠳᠤᠯᠢᠭ ᠴᠣᠪᠣᠭᠤᠯᠢᠭ ᠢᠶᠠᠷ ᠢᠯᠡᠳᠬᠡᠵᠦ᠂ ᠢᠷᠭᠡᠨ ᠤ ᠬᠠᠤᠯᠢ ᠶᠢᠨ ᠪᠢᠴᠢᠭ ᠬᠢᠭᠡᠳ ᠣᠯᠠᠨ ᠲᠦᠮᠡᠨ ᠤ ᠵᠠᠶ ᠶᠢ ᠣᠶᠢᠷᠠᠲᠤᠭᠤᠯᠪᠠ᠃ ᠠᠵᠢᠯᠲᠠᠳ ᠪᠠᠰᠠ ᠨᠢᠭᠤᠷᠲᠠᠨ ᠠᠰᠠᠭᠤᠬᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠠᠷᠢᠯᠴᠠᠨ ᠬᠥᠳᠡᠯᠦᠯᠴᠡᠵᠦ ᠠᠰᠠᠭᠤᠯᠲᠠ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠤᠷᠤᠭ ᠭᠡᠷ ᠪᠦᠯᠢ᠂ ᠭᠠᠵᠠᠷ ᠰᠢᠷᠣᠢ ᠶᠢᠨ ᠳᠠᠭᠠᠭᠠᠴᠢᠯᠠᠯᠲᠠ᠂ ᠠᠷᠠᠳ ᠤᠨ ᠬᠤᠭᠤᠷᠣᠨᠳᠣᠬᠢ ᠵᠢᠭᠡᠯᠡᠯᠭᠡ᠂ ᠠᠰᠠᠷᠠᠨ ᠲᠡᠵᠢᠭᠡᠬᠦ ᠥᠪ ᠵᠠᠯᠭᠠᠮᠵᠢᠯᠠᠬᠤ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠣᠲᠣ ᠪᠣᠯᠲᠠᠯ᠎ᠠ᠂ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ ᠵᠠᠭᠤ ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠯᠠᠪᠯᠠᠭ᠎ᠠ ᠳᠤ 30 ᠭᠠᠷᠤᠶ ᠬᠥᠮᠦᠨ ᠤᠳᠠᠭ᠎ᠠ ᠬᠠᠷᠢᠭᠤᠯᠲᠠ ᠥᠭᠪᠡ᠃ ᠡᠲᠡᠭᠡᠷ ᠴᠢᠷᠮᠠᠶᠢᠯᠭ᠎ᠠ ᠪᠠᠷ ᠳᠡᠮᠵᠢᠨ᠂ ᠢᠷᠭᠡᠨ ᠤ ᠬᠠᠤᠯᠢ ᠶᠢᠨ ᠪᠢᠴᠢᠭ ᠤᠨ ᠮᠡᠳᠡᠯᠭᠡ ᠶᠢ ᠣᠯᠠᠨ ᠲᠦᠮᠡᠨ ᠤ ᠳᠡᠷᠭᠡᠳᠡ ᠦᠨᠡᠨ ᠬᠦ ᠬᠦᠷᠭᠡᠵᠦ᠂ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠪᠦᠲᠦᠮᠵᠢᠲᠡᠶ ᠨᠡᠮᠡᠭᠳᠡᠭᠦᠯᠵᠦ᠂ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠪᠠᠲᠤ ᠪᠠᠬᠢ ᠦᠨᠳᠦᠰᠦ ᠰᠠᠭᠤᠷᠢ ᠶᠢ ᠲᠠᠯᠪᠢᠵᠤ ᠥᠭᠴᠡᠶ᠃      ᠡᠭᠦᠨ ᠠᠴᠠ ᠭᠠᠳᠠᠨ᠎ᠠ᠂ ᠰᠢᠩ ᠱᠧᠩ ᠪᠠᠯᠭᠠᠰᠤ ᠺᠠᠳ᠋ᠷ ᠠᠵᠢᠯᠲᠠᠨ ᠠᠵᠢᠯᠴᠢᠨ᠂ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠪᠠᠭ ᠤᠨ ᠪᠦᠷᠢᠯᠳᠦᠬᠦᠨ ᠢ ᠢᠳᠡᠪᠬᠢᠲᠡᠶ ᠵᠣᠬᠢᠶᠠᠨ ᠪᠠᠶᠢᠭᠤᠯᠵᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠢᠷᠭᠡᠨ ᠤ ᠬᠠᠤᠯᠢ ᠶᠢᠨ ᠪᠢᠴᠢᠭ ᠢ ᠭᠦᠨᠵᠡᠭᠡᠶ ᠰᠤᠷᠤᠯᠴᠠᠭᠤᠯᠵᠤ᠂ ᠰᠦᠯᠵᠢᠶᠡᠨ ᠳᠡᠭᠡᠷ᠎ᠡ ᠥᠪᠡᠰᠦᠪᠡᠨ ᠰᠤᠷᠤᠯᠴᠠᠬᠤ ᠪᠠ ᠰᠦᠯᠵᠢᠶᠡᠨ ᠭᠠᠳᠠᠨ᠎ᠠ ᠰᠤᠳᠤᠯᠤᠨ ᠶᠠᠷᠢᠯᠴᠠᠬᠤ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠶᠢ ᠡᠭᠦᠳᠬᠦ ᠰᠤᠷᠤᠯᠴᠠᠬᠤ ᠵᠠᠭᠪᠤᠷ ᠢ ᠬᠡᠷᠡᠭᠯᠡᠨ᠂ ᠺᠠᠳ᠋ᠷᠴᠤᠳ ᠤᠨ ᠬᠡᠰᠡᠭ ᠪᠤᠰᠠᠭᠴᠢᠯᠠᠭᠰᠠᠨ ᠴᠠᠭ ᠢ ᠠᠰᠢᠭᠯᠠᠨ ᠬᠠᠤᠯᠢ ᠴᠠᠭᠠᠵᠠ ᠶᠢᠨ ᠮᠡᠳᠡᠯᠭᠡ ᠶᠢ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠵᠣᠷᠢᠭᠵᠢᠭᠤᠯᠤᠨ᠎ᠠ᠃ ᠡᠨᠡ ᠬᠦ ᠠᠯᠢ ᠣᠯᠠᠨ ᠠᠷᠭ᠎ᠠ ᠬᠡᠮᠵᠢᠶ᠎ᠡ ᠨᠢ ᠪᠥᠬᠦ ᠠᠵᠢᠯᠲᠠᠨ ᠤ ᠬᠠᠤᠯᠢ ᠰᠤᠷᠬᠤ ᠭᠦᠨ ᠵᠤᠵᠠᠭᠠᠨ ᠠᠭᠤᠷ ᠠᠮᠢᠰᠬᠤᠯ ᠢ ᠠᠮᠵᠢᠯᠲᠠ ᠲᠠᠢ ᠪᠣᠶ ᠪᠣᠯᠭᠠᠵᠤ᠂ ᠦᠨᠳᠦᠰᠦᠨ ᠱᠠᠲᠤᠨ ᠤ ᠺᠠᠳ᠋ᠷᠴᠤᠳ ᠤᠨ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠰᠢᠩ ᠱᠧᠩ ᠪᠠᠯᠭᠠᠰᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠠᠵᠢᠯ ᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠷᠭᠡᠨ ᠤ ᠬᠠᠤᠯᠢ ᠶᠢᠨ ᠪᠢᠴᠢᠭ ᠢ ᠲᠦᠭ ᠲᠦᠮᠡᠨ ᠠᠶᠢᠯ ᠡᠷᠦᠬᠡ ᠳᠤ ᠦᠨᠡᠨ ᠬᠦ ᠣᠷᠣᠭᠤᠯᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠤᠨ ︽ᠬᠠᠤᠯᠢ ᠴᠠᠭᠠᠵᠠ ᠶᠢᠨ ᠡᠷᠳᠡᠨᠢ︾ ᠪᠣᠯᠭᠠᠵᠤ᠂ ᠬᠠᠤᠯᠢ ᠪᠠᠷ ᠵᠠᠰᠠᠬᠤ ᠬᠥᠭᠵᠢᠨ ᠮᠠᠨᠳᠤᠬᠤ ᠳᠤ ᠬᠦᠴᠦᠲᠡᠶ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号