2025 ᠣᠨ ᠤ 1 — 4 ᠳ᠋ᠦ᠋ᠭᠡᠷ ᠰᠠᠷ᠎ᠠ ᠶᠢᠨ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠦᠴᠦᠨ ᠤ ᠬᠡᠷᠡᠭᠯᠡᠭᠡᠨ ᠤ ᠪᠠᠶᠢᠳᠠᠯ
ᠨᠡᠶᠢᠲᠡᠯᠡᠭᠰᠡᠨ ᠴᠠᠭ᠄
2025/5/28
      2025 ᠣᠨ ᠤ 1 — 4 ᠳ᠋ᠦ᠋ᠭᠡᠷ ᠰᠠᠷ᠎ᠠ ᠳᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠦᠯᠵᠢᠶᠡᠨ ᠤ ᠰᠢᠭᠤᠳ ᠮᠡᠳᠡᠭᠦᠯᠬᠦ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠬᠡᠷᠡᠭᠯᠡᠭᠡ ᠨᠡᠶᠢᠲᠡ 15.82 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.6%᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 1.5 ᠵᠠᠭᠤᠨ ᠤ ᠨᠢᠭᠡᠴᠢ ᠨᠡᠮᠡᠭᠳᠡᠵᠦ᠂ ᠠᠵᠤ ᠦᠢᠯᠡᠳᠪᠦᠷᠢ ᠶᠢᠨ ᠴᠠᠬᠢᠯᠭᠠᠨ ᠬᠦᠴᠦᠨ ᠤ ᠬᠡᠷᠡᠭᠯᠡᠭᠡᠨ ᠤ ᠳᠤᠤᠷ᠎ᠠ ᠪᠠᠶᠢᠷᠢ ᠪᠠᠷ ᠠᠵᠢᠯᠯᠠᠵᠤ ᠪᠠᠶᠢᠨ᠎ᠠ᠃ 4 ᠳ᠋ᠦ᠋ᠭᠡᠷ  ᠰᠠᠷ᠎ᠠ ᠶᠢᠨ ᠳᠤᠮᠳᠠᠴᠢ ᠪᠠᠷ ᠲᠣᠰ ᠭᠠᠵᠠᠷ ᠤᠨ ᠠᠵᠤ ᠠᠬᠤᠶᠢᠯᠠᠯ ᠤᠨ ᠡᠪᠦᠯ ᠤᠨ ᠤᠯᠠᠷᠢᠯ ᠤᠨ ᠦᠢᠯᠡᠳᠪᠦᠷᠢᠯᠡᠯ ᠤᠨ ᠵᠠᠭᠪᠤᠷ ᠪᠦᠷᠢᠮᠦᠰᠦᠨ ᠳᠠᠭᠤᠰᠤᠭᠰᠠᠨ ᠨᠥᠯᠥᠭᠡ ᠠᠴᠠ ᠪᠣᠯᠵᠣ᠂ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠬᠤ ᠳᠤ᠂ ᠣᠳᠣᠬᠠᠨ ᠳᠤ ᠴᠠᠬᠢᠯᠭᠠᠨ ᠵᠠᠷᠤᠴᠠᠭᠤᠯᠬᠤ ᠭᠤᠤᠯ ᠬᠦᠴᠦᠨ ᠤ ᠠᠵᠤ ᠠᠬᠤᠶᠢᠯᠠᠯ ᠤᠨ ᠬᠠᠷᠢᠶ᠎ᠠ ᠲᠡᠮᠦᠷᠯᠢᠭ ᠪᠤᠰᠤ ᠠᠭᠤᠷᠬᠠᠶ ᠶᠢᠨ ᠪᠦᠲᠦᠭᠡᠭᠳᠡᠬᠦᠨ ᠤ ᠦᠢᠯᠡᠰ ᠤᠨ ᠴᠠᠬᠢᠯᠭᠠᠨ ᠬᠦᠴᠦᠨ ᠤ ᠬᠡᠷᠡᠭᠯᠡᠭᠡ ᠨᠡᠶᠢᠲᠡ 11.65 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.1 %᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 2.1 ᠵᠠᠭᠤᠨ ᠤ ᠨᠢᠭᠡᠴᠢ ᠨᠡᠮᠡᠭᠳᠡᠪᠡ᠃ ᠡᠭᠦᠨ ᠠᠴᠠ ᠭᠠᠳᠠᠨ᠎ᠠ᠂ ᠲᠣᠰ ᠬᠤᠭᠤᠴᠠᠭᠠᠨ ᠤ ᠲᠣᠭᠤᠷᠢᠭ ᠲᠤ ᠰᠠᠭᠤᠭ᠎ᠠ ᠲᠣᠮᠣ ᠬᠡᠯᠪᠡᠷᠢ ᠶᠢᠨ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠨᠢᠭᠡᠴᠡ ᠮᠥᠨ ᠬᠦ ᠬᠠᠭᠠᠰ ᠰᠠᠷ᠎ᠠ ᠪᠣᠯᠤᠭᠰᠠᠨ ᠭᠠᠵᠠᠷ ᠣᠷᠣᠨ ᠤ ᠢᠯᠴᠢ ᠶᠢᠨ ᠬᠦᠴᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠡᠭᠦᠷᠭᠡᠯᠡᠵᠦ᠂ 4 ᠳ᠋ᠦ᠋ᠭᠡᠷ ᠰᠠᠷ᠎ᠠ ᠶᠢᠨ ᠳᠠᠷᠠᠭᠠᠬᠢ ᠬᠠᠭᠠᠰ ᠬᠡᠰᠡᠭ ᠭᠠᠵᠠᠷ ᠲᠤ ᠳᠤᠯᠠᠭᠠᠯᠭ᠎ᠠ ᠶᠢᠨ ᠬᠤᠭᠤᠴᠠᠭ᠎ᠠ ᠵᠢᠩᠬᠢᠨᠢ ᠪᠠᠷ ᠳᠠᠭᠤᠰᠴᠤ᠂ ᠲᠣᠭᠤᠷᠢᠭ ᠲᠤ ᠰᠠᠭᠤᠭ᠎ᠠ ᠲᠣᠮᠣ ᠬᠡᠯᠪᠡᠷᠢ ᠶᠢᠨ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠵᠠᠭᠪᠤᠷ ᠲᠤ ᠲᠣᠬᠢᠷᠠᠭᠤᠯᠤᠯᠲᠠ ᠬᠢᠵᠦ᠂ ᠴᠡᠪᠡᠷ ᠴᠠᠬᠢᠯᠭᠠᠨ  ᠭᠠᠷᠭᠠᠬᠤ ᠬᠠᠷᠢᠴᠠᠯ ᠳᠡᠭᠡᠭᠰᠢᠯᠡᠵᠦ᠂ ᠮᠠᠰᠢᠨ ᠴᠣᠭᠴᠠᠯᠠᠪᠤᠷᠢ ᠶᠢᠨ ᠳᠠᠭᠠᠭᠠᠴᠠ ᠳᠡᠭᠡᠭᠰᠢᠯᠡᠯᠲᠡ ᠲᠠᠢ ᠪᠣᠯᠵᠤ᠂ ᠴᠢᠩᠱᠠᠨ ᠲᠣᠭᠤᠷᠢᠭ ᠤᠨ ᠴᠠᠬᠢᠯᠭᠠᠨ᠂ ᠢᠯᠴᠢ᠂ ᠤᠰᠤᠨ ᠤ ᠠᠵᠤ ᠦᠢᠯᠡᠰ ᠤᠨ ᠪᠦᠬᠦᠯᠢ ᠴᠣᠭᠴᠠ ᠶᠢᠨ ᠴᠠᠬᠢᠯᠭᠠᠨ ᠬᠦᠴᠦᠨ ᠤ ᠬᠡᠷᠡᠭᠯᠡᠭᠡᠨ ᠤ ᠬᠢᠷᠢ ᠲᠦᠪᠰᠢᠨ ᠤ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠴᠠᠬᠢᠯᠭᠠᠨ ᠬᠦᠴᠦᠨ ᠤ ᠬᠡᠷᠡᠭᠯᠡᠭᠡ ᠨᠡᠶᠢᠲᠡ 2.37 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9%᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 1.3 ᠵᠠᠭᠤᠨ ᠤ ᠴᠡᠭ ᠨᠡᠮᠡᠭᠳᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号