5 ᠰᠠᠷ᠎ᠠ ᠶᠢᠨ 24 ᠠᠴᠠ 26 ᠤ ᠡᠳᠦᠷ᠂ ᠥᠪᠥᠷ ᠮᠣᠩᠭᠤᠯ ᠤᠨ ᠠᠷᠪᠠᠳᠤᠭᠠᠷ ᠬᠤᠭᠤᠴᠠᠭᠠᠨ ᠤ ᠵᠠᠭᠤᠨ | ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ ᠪᠠᠶᠠᠨᠨᠠᠭᠤᠷ | ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠬᠥᠷ ᠬᠥᠭᠵᠢᠶᠡᠨ ᠲᠠᠢ ᠶᠠᠪᠤᠭᠳᠠᠪᠠ᠃ ᠲᠣᠰ ᠤᠳᠠᠭᠠᠨ ᠤ | ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠪᠥᠬᠦ ᠣᠷᠣᠨ ᠤ 102 | ᠲᠥᠯᠥᠭᠡᠯᠡᠭᠴᠢᠳ ᠤᠨ ᠠᠩᠭᠢ ᠶᠢᠨ 712 ᠣᠷᠣᠯᠴᠠᠭᠴᠢ ᠴᠤᠭᠯᠠᠷᠠᠭᠤᠯᠤᠨ᠂ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ ᠤᠨ ᠤᠷ᠎ᠠ ᠮᠡᠷᠭᠡᠵᠢᠯ ᠢ ᠬᠠᠮᠲᠤ ᠪᠠᠷ ᠰᠤᠯᠢᠯᠴᠠᠪᠠ᠃ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠨ ᠡᠯ᠎ᠡ ᠠᠩᠬᠢ ᠲᠡᠷᠢ ᠲᠡᠭᠰᠢ | ᠪᠣᠯᠪᠠᠰᠤᠷᠠᠵᠤ᠂ ᠴᠤᠭ ᠵᠢᠪᠬᠤᠭ᠎ᠠ ᠪᠠᠳᠠᠷᠠᠩᠭᠤᠶ ᠪᠠᠶᠢᠯ᠎ᠠ᠃ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ | ᠬᠠᠮᠲᠤ ᠶᠢᠨ ᠤᠷᠤᠯᠳᠤᠭᠠᠨ ᠤ ᠵᠦᠢᠯ ᠳᠤ ᠴᠢᠩᠱᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠨᠡᠩ ᠰᠠᠶᠢᠨ | ᠢᠯᠡᠷᠡᠯ ᠲᠠᠢ᠃ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠷᠪᠠᠨ ᠬᠤᠶᠠᠳᠤᠭᠠᠷ ᠬᠤᠭᠤᠴᠠᠭᠠᠨ ᠤ | ᠬᠡᠮᠡᠷᠯᠢᠭ ᠤᠨ ᠬᠠᠮᠲᠤ ᠶᠢᠨ ᠤᠷᠤᠯᠳᠤᠭᠠᠨ ᠳᠤ ᠲᠡᠳᠡᠨᠤᠰ ᠤᠨ ᠬᠥᠳᠡᠯᠦᠯ ᠪᠠᠷᠢᠯ ᠨᠢ ᠪᠠᠷᠢᠮᠵᠢᠶ᠎ᠠ ᠳᠤ ᠨᠡᠶᠢᠴᠡᠵᠦ᠂ | ᠠᠮᠢᠰᠬᠤᠭ᠎ᠠ ᠠᠪᠬᠤ ᠠᠵᠢᠯᠯᠠᠭ᠎ᠠ ᠨᠢ ᠴᠥᠮ ᠪᠦᠷᠢᠨ ᠲᠡᠭᠦᠯᠳᠡᠷ ᠪᠠᠶᠢᠵᠤ᠂ ᠭᠠᠪᠢᠶ᠎ᠠ ᠶᠢᠨ ᠮᠡᠷᠭᠡᠵᠢᠯ ᠨᠢ ᠲᠥᠪ | ᠶᠡᠬᠡᠮᠰᠦᠭ᠂ ᠵᠢᠭᠳᠡ ᠡᠶᠡᠯᠳᠡᠭ᠂ ᠠᠭᠤᠵᠢᠭᠤ ᠲᠠᠯᠪᠢᠭᠤ᠂ ᠦᠷᠭᠦᠯᠵᠢᠯᠡᠭᠰᠡᠨ ᠪᠤᠰᠤ ᠣᠨᠴᠠᠯᠢᠭ ᠢ ᠪᠦᠷᠢᠨ ᠭᠦᠢᠴᠡᠳ | ᠢᠯᠡᠷᠡᠭᠦᠯᠵᠦ᠂ ᠡᠴᠦᠰ ᠲᠡᠭᠡᠨ ᠲᠣᠭᠲᠠᠭᠤᠨ ᠪᠠᠳᠠᠷᠠᠯ ᠪᠠ ᠭᠤᠶᠢᠳᠠ ᠰᠠᠶᠢᠬᠠᠨ ᠢᠯᠡᠷᠡᠯ ᠢ ᠲᠦᠰᠢᠭᠯᠡᠨ᠂ ᠴᠣᠯᠭᠤᠷᠠᠨ | ᠭᠠᠷᠴᠤ᠂ ᠨᠢᠭᠡᠳᠦᠭᠡᠷ ᠲᠤ ᠲᠣᠳᠣᠷᠠᠪᠠ᠃ ᠳᠠᠷᠠᠭ᠎ᠠ ᠪᠠᠷ ᠨᠢ ᠰᠢᠷᠪᠥᠰᠥᠨ ᠤ ᠬᠠᠮᠲᠤ ᠶᠢᠨ ᠲᠥᠷᠥᠯ ᠵᠦᠢᠯ ᠤᠨ | ᠤᠷᠤᠯᠳᠤᠭᠠᠨ ᠤ ᠳᠤᠮᠳᠠ᠂ ᠮᠠᠨ ᠤ ᠲᠤᠭᠤᠷᠢᠭ ᠤᠨ ᠲᠥᠯᠥᠭᠡᠯᠡᠭᠴᠢᠳ ᠤᠨ ᠠᠩᠭᠢ ᠶᠢᠨ ᠭᠡᠰᠢᠭᠦᠳ ᠢᠳᠡᠷᠡᠭᠦᠨ | ᠵᠢᠪᠬᠤᠭ᠎ᠠ ᠲᠠᠢ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠷᠣᠯᠴᠠᠵᠤ᠂ ᠬᠠᠮᠲᠤ ᠶᠢᠨ ᠬᠤᠶᠠᠳᠤᠭᠠᠷ ᠳᠡᠰ ᠤᠨ | ᠱᠠᠩᠨᠠᠯ ᠤᠨ ᠰᠢᠯᠢᠳᠡᠭ ᠬᠢᠷᠢ ᠪᠦᠲᠦᠮᠵᠢ ᠶᠢ ᠵᠣᠷᠢᠭᠲᠠᠶ ᠪᠠᠷ ᠲᠡᠮᠡᠴᠡᠨ ᠤᠯᠪᠠ᠃ | ᠴᠢᠩᠱᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠲᠣᠰ ᠤᠳᠠᠭ᠎ᠠ ᠠᠷᠪᠠᠳᠤᠭᠠᠷ ᠬᠤᠭᠤᠴᠠᠭᠠᠨ ᠤ | ᠪᠥᠬᠦ ᠣᠷᠣᠨ ᠤ ᠵᠠᠭᠤᠨ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ | ᠤᠷᠤᠯᠳᠤᠭᠠᠨ ᠳᠤ ᠰᠢᠯᠢᠳᠡᠭ ᠠᠮᠵᠢᠯᠲᠠ ᠪᠦᠲᠦᠮᠵᠢ ᠣᠯᠵᠤ᠂ ᠭᠡᠰᠢᠭᠦᠳ ᠤᠨ ᠯᠠᠪᠳᠠᠭᠤᠨ ᠪᠠᠲᠤᠲᠠᠶ ᠦᠨᠳᠦᠰᠦᠨ | ᠪᠣᠯᠪᠠᠰᠤᠷᠠᠯ ᠪᠠ ᠡᠳᠦᠷ ᠲᠤᠲᠤᠮ ᠤᠨ ᠬᠠᠲᠠᠭᠤᠵᠢᠯᠲᠠᠶ ᠪᠣᠯᠪᠠᠰᠤᠷᠠᠯ ᠤᠨ ᠦᠷ᠎ᠡ ᠪᠦᠲᠦᠭᠡᠯ ᠢ ᠢᠯᠡᠷᠡᠭᠦᠯᠦᠭᠰᠡᠨ ᠢᠶᠠᠷ | ᠪᠠᠷᠠᠬᠤ ᠥᠬᠡᠶ᠂ ᠪᠠᠰᠠ ᠴᠢᠩᠱᠠᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠴᠢᠬᠤᠯᠠᠴᠢᠯᠠᠨ ᠳᠡᠯᠭᠡᠷᠡᠭᠦᠯᠵᠦ ᠪᠠᠶᠢᠬᠤ ᠶᠢ ᠢᠯᠡᠷᠡᠭᠦᠯᠦᠭᠰᠡᠨ | ᠪᠠᠶᠢᠨ᠎ᠠ᠃ ᠢᠷᠡᠭᠡᠳᠦᠢ ᠳᠤ᠂ ᠴᠢᠩᠱᠠᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠳᠤᠷ᠎ᠠ | ᠪᠠᠭ᠋ᠠᠲᠠᠳ ᠦᠷᠭᠦᠯᠵᠢᠯᠡᠨ ᠴᠢᠷᠮᠠᠶᠢᠵᠤ᠂ ᠨᠡᠩ ᠤᠯᠠᠨ ᠤᠷᠤᠯᠳᠤᠭᠠᠨ ᠤ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠬᠦᠴᠦᠨ ᠴᠢᠳᠠᠯ ᠢᠶᠠᠨ ᠡᠷᠭᠦᠬᠦ ᠶᠢ ᠢᠲᠡᠭᠡᠵᠦ ᠪᠠᠶᠢᠨ᠎ᠠ᠃ | | | | | | |