ᠤᠷᠤᠰᠢᠨ ᠰᠠᠭᠤᠬᠤ ᠳᠤ ᠨᠡᠩ ᠲᠣᠬᠢᠷᠠᠮᠵᠢᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠢ | ᠪᠣᠯᠭᠠᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠭᠡᠷᠡᠯ ᠭᠡᠭᠡ ᠨᠡᠶᠢᠭᠡᠮ ᠲᠣᠭᠤᠷᠢᠭ ᠬᠠᠷᠢᠶ᠎ᠠ ᠣᠷᠣᠨ ᠤ ᠬᠠᠮᠲᠤᠪᠠᠷ | ᠪᠠᠶᠢᠭᠤᠯᠤᠭᠰᠠᠨ ᠨᠢᠭᠡᠴᠢ ᠶᠢᠨ ᠪᠤᠭᠤᠲᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠰ ᠤᠨ | ᠬᠥᠭᠵᠢᠯᠲᠡ ᠶᠢᠨ ᠲᠥᠪ ᠤᠨ ᠬᠥᠳᠡᠯᠮᠦᠷᠢ ᠶᠢᠨ ᠴᠡᠴᠡᠷᠯᠢᠭ ᠤᠨ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ᠂ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠶᠢᠭᠡᠮ ᠶᠢᠨ ᠠᠰᠠᠷᠠᠮᠵᠢ ᠶᠢᠨ ᠴᠡᠴᠡᠭ ᠲᠠᠷᠢᠬᠤ ᠠᠵᠢᠯᠯᠠᠭ᠎ᠠ ᠥᠷᠨᠢᠭᠦᠯᠵᠦ᠂ | ᠨᠡᠶᠢᠭᠡᠮ ᠲᠣᠭᠤᠷᠢᠭ ᠲᠤ ᠥᠩᠭᠡ ᠪᠣᠳᠤᠭ ᠨᠡᠮᠡᠷᠢᠯᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠪᠣᠯᠤᠨ ᠰᠠᠶᠢᠨ ᠳᠤᠷ᠎ᠠ ᠶᠢᠨ | ᠠᠵᠢᠯᠯᠠᠭᠴᠢᠳ ᠬᠠᠯᠠᠭᠤᠨ ᠰᠡᠳᠬᠢᠯᠭᠡ ᠣᠷᠭᠢᠯᠤᠨ᠂ ᠠᠵᠢᠯ ᠬᠤᠪᠢᠶᠠᠷᠢᠯᠠᠨ ᠬᠠᠮᠵᠢᠯᠴᠠᠪᠠ᠃ ᠵᠠᠷᠢᠮ ᠨᠢ ᠴᠡᠴᠡᠭ ᠤᠨ | ᠴᠢᠬᠢ ᠵᠥᠭᠡᠭᠡᠵᠦ᠂ ᠵᠠᠷᠢᠮ ᠨᠢ ᠰᠢᠷᠣᠶ ᠤᠷᠪᠠᠭᠤᠯᠤᠨ ᠨᠦᠬᠡ ᠮᠠᠯᠲᠠᠵᠤ᠂ ᠵᠠᠷᠢᠮ ᠨᠢ ᠤᠰᠤᠯᠠᠵᠤ᠂ ᠨᠡᠶᠢᠭᠡᠮ | ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠰᠢᠯᠵᠢᠮᠡᠯ ᠴᠡᠴᠡᠭ ᠤᠨ ᠴᠥᠭᠦᠷᠥᠮ ᠳᠤ | ᠬᠤᠨᠳᠠᠭᠠᠨ ᠴᠡᠴᠡᠭ᠂ ᠲᠠᠬᠢᠶᠠᠨ ᠲᠢᠲᠢᠮ ᠴᠡᠴᠡᠭ᠂ ᠭᠠᠷᠤᠳᠢ ᠴᠡᠴᠡᠭ ᠵᠡᠷᠭᠡ ᠬᠤᠸᠠᠷ ᠴᠡᠴᠡᠭ ᠢ ᠡᠮᠬᠢ | ᠵᠠᠮᠪᠠᠷᠠᠭ᠎ᠠ ᠲᠠᠢ ᠪᠠᠷ ᠲᠠᠷᠢᠪᠠ᠃ ᠴᠡᠴᠡᠭ ᠤᠨ ᠴᠢᠬᠢ ᠨᠢᠭᠡᠪᠦᠷᠢ ᠨᠢ ᠴᠥᠮ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠠᠴᠢᠶᠠᠯᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ | ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ | ᠬᠤᠨᠳᠠᠭᠠᠨ ᠴᠡᠴᠡᠭ ᠥᠩᠭᠡ ᠨᠢ ᠡᠯᠪᠡᠭ᠂ ᠴᠠᠴᠠᠷ ᠪᠦᠷᠢᠶ᠎ᠡ ᠰᠢᠭ ᠳᠡᠯᠭᠡᠷᠡᠵᠦ᠂ ᠲᠠᠬᠢᠶᠠᠨ ᠲᠢᠲᠢᠮ ᠴᠡᠴᠡᠭ | ᠬᠡᠯᠪᠡᠷᠢ ᠳᠦᠷᠰᠦ ᠨᠢ ᠥᠪᠡᠷᠮᠢᠴᠡ᠂ ᠭᠠᠷᠤᠳᠢ ᠡᠪᠡᠰᠦᠨ ᠤ ᠪᠡᠶ᠎ᠡ ᠨᠢ ᠬᠥᠩᠭᠡᠨ ᠪᠠᠶᠢᠯ᠎ᠠ᠃ ᠡᠳᠡᠭᠡᠷ ᠬᠤᠸᠠᠷ | ᠴᠡᠴᠡᠭ ᠨᠢᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠭᠤᠶᠤᠯᠠᠭᠰᠠᠨ ᠢᠶᠠᠷ ᠪᠠᠷᠠᠬᠤ ᠦᠭᠡᠢ ᠪᠠᠰᠠ ᠴᠥᠭᠡᠨ | ᠪᠤᠰᠤ ᠰᠠᠭᠤᠭᠠᠯᠢ ᠠᠷᠠᠳ ᠤᠨ ᠰᠣᠨᠢᠷᠬᠠᠯ ᠢ ᠲᠠᠲᠠᠵᠤ᠂ ᠭᠡᠷᠡᠯ ᠵᠢᠷᠤᠭ ᠠᠪᠴᠤ ᠳᠤᠷᠠᠰᠬᠠᠯ ᠦᠯᠡᠳᠡᠭᠡᠵᠦ ᠪᠠᠶᠢᠨ᠎ᠠ᠃ | ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠲᠠᠷᠢᠮᠠᠯ ᠤᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ | ︽ᠥᠩᠭᠡ︾ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠰᠠᠭᠤᠭᠠᠯᠢ ᠠᠷᠠᠳ ᠤᠨ ᠣᠷᠴᠢᠨ ᠠᠬᠤᠶ ᠶᠢᠨ | ᠬᠠᠮᠠᠭᠠᠯᠠᠯᠲᠠ ᠶᠢᠨ ᠦᠵᠡᠯ ᠤᠬᠠᠮᠰᠠᠷ ᠪᠠ ᠬᠡᠷ ᠣᠷᠣᠨ ᠤ ᠬᠠᠷᠢᠶᠠᠯᠠᠭᠳᠠᠬᠤ ᠰᠡᠳᠬᠢᠯᠭᠡ ᠶᠢ ᠨᠠᠩ ᠨᠡᠮᠡᠭᠳᠡᠭᠦᠯᠦᠭᠰᠡᠨ | ᠪᠠᠶᠢᠨ᠎ᠠ᠃ ᠢᠷᠡᠭᠡᠳᠦᠢ ᠳᠤ᠂ ᠭᠡᠷᠡᠯ ᠭᠡᠭᠡ ᠨᠡᠶᠢᠭᠡᠮ ᠲᠣᠭᠤᠷᠢᠭ ᠦᠷᠭᠦᠯᠵᠢᠯᠡᠨ ᠭᠠᠷ ᠬᠤᠯᠪᠣᠨ ᠬᠠᠮᠲᠤ ᠪᠠᠷ ᠪᠦᠲᠦᠭᠡᠨ | ᠪᠠᠶᠢᠭᠤᠯᠵᠤ᠂ ᠨᠠᠩ ᠣᠯᠠᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠨᠠᠩ | ᠲᠠᠭᠠᠯᠠᠮᠵᠢᠲᠠᠶ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠪᠣᠯᠤᠨ᠎ᠠ᠃ | | | | | | |