ᠴᠢᠩᠱᠠᠨ ᠲᠣᠭᠤᠷᠢᠭ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/30
      ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠢᠭᠡᠳᠦᠯᠲᠡᠢ ᠲᠣᠬᠢᠷᠠᠭᠤᠯᠭ᠎ᠠ ᠳᠣᠣᠷ᠎ᠠ᠂ ᠭᠠᠷ ᠲᠠᠭᠠᠨ ᠠᠪᠴᠤ ᠶᠠᠪᠤᠬᠤ ᠬᠡᠯᠪᠡᠷᠢ ᠶᠢᠨ ᠤᠯᠠᠭᠠᠨ ᠤ ᠭᠠᠳᠠᠨᠠᠬᠢ ᠬᠠᠯᠠᠭᠤᠨ ᠳᠦᠷᠰᠦ ᠪᠦᠲᠦᠭᠡᠬᠦ ᠪᠠᠭᠠᠵᠢ᠂ ᠣᠯᠠᠨ ᠪᠣᠯᠵᠣᠯᠲᠤ ᠲᠤᠭ᠎ᠠ ᠶᠢᠨ ᠬᠡᠢ ᠪᠡᠶᠡᠲᠦ ᠶᠢᠨ ᠪᠠᠶᠢᠴᠠᠭᠠᠨ ᠬᠡᠮᠵᠢᠬᠦ ᠪᠠᠭᠠᠵᠢ᠂ ᠯᠠᠶᠢᠰᠧᠷ ᠵᠠᠢ ᠬᠡᠮᠵᠢᠬᠦ ᠪᠠᠭᠠᠵᠢ᠂ ᠥᠨᠳᠥᠷ ᠬᠡᠮᠵᠢᠯᠲᠡ ᠶᠢᠨ ᠪᠠᠭᠠᠵᠢ᠂ ᠵᠢᠯᠣᠭᠤᠴᠢ ᠦᠭᠡᠢ ᠨᠢᠰᠭᠡᠯ ᠵᠡᠷᠭᠡ ᠬᠠᠤᠯᠢ ᠬᠡᠷᠡᠭᠵᠢᠭᠦᠯᠬᠦ ᠰᠢᠨ᠎ᠡ ᠲᠣᠨᠤᠭ ᠲᠥᠬᠦᠭᠡᠷᠦᠮᠵᠢ ᠶᠢ ᠶᠡᠬᠡᠪᠡᠷ ᠣᠷᠣᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠵᠢᠯ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠪᠡ᠃      ᠣᠶᠢᠷ᠎ᠠ ᠳᠤ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠦᠷᠭᠡᠭᠰᠡᠨ 2025 ᠣᠨ ᠤ ᠬᠤᠶᠠᠳᠤᠭᠠᠷ ᠪᠦᠯᠦᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠥᠮᠦᠨ ᠲᠥᠷᠥᠯᠬᠢᠲᠡᠨ ᠤ ᠠᠵᠢᠯᠯᠠᠭ᠎ᠠ ᠶᠢᠨ ᠠᠯᠤᠰ ᠮᠡᠳᠡᠷᠡᠮᠵᠢ ᠶᠢᠨ ᠬᠢᠨᠠᠨ ᠬᠡᠮᠵᠢᠯᠲᠡ ᠶᠢᠨ ᠠᠰᠠᠭᠤᠳᠠᠯ ᠤᠨ ᠨᠠᠷᠢᠨ ᠲᠠᠩᠰᠠᠨ ᠳᠤ ᠴᠢᠭᠯᠡᠭᠦᠯᠦᠨ᠂ ᠮᠠᠨ ᠤ ᠲᠤᠭᠤᠷᠢᠭ ᠤᠨ 22 ᠠᠰᠠᠭᠤᠳᠠᠯ ᠤᠨ ᠰᠦᠪᠡᠭᠴᠢ ᠳᠤ ᠬᠤᠯᠪᠣᠭᠳᠠᠵᠤ᠂ ᠠᠵᠢᠯᠲᠠᠳ ᠵᠢᠯᠣᠭᠤᠴᠢ ᠥᠬᠡᠶ ᠨᠢᠰᠬᠡᠯ᠂ ᠯᠠᠶᠢᠰᠧᠷ ᠵᠠᠶ ᠶᠢ ᠬᠡᠮᠵᠢᠬᠦ ᠬᠡᠮᠵᠢᠭᠦᠷᠯᠢᠭ᠂ ᠥᠨᠳᠥᠷ ᠬᠡᠮᠵᠢᠭᠦᠷᠯᠢᠭ ᠢᠶᠠᠷ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠡᠵᠢᠭᠲᠡᠶ ᠴᠡᠭ ᠢ ᠪᠥᠬᠦ ᠲᠠᠯ᠎ᠠ ᠪᠠᠷ᠂ ᠪᠣᠰᠤᠭ᠎ᠠ ᠴᠣᠭᠴᠠᠲᠤ ᠲᠣᠭᠤᠷᠢᠨ ᠪᠠᠶᠢᠴᠠᠭᠠᠯᠲᠠ ᠬᠢᠪᠠ᠃      ᠠᠵᠢᠯᠲᠠᠳ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ︾᠎ ᠤᠨ ᠳᠤᠮᠳᠠ ᠣᠨᠣᠪᠴᠢᠲᠠᠶ ᠪᠠᠶᠢᠷᠢ ᠲᠣᠭᠲᠠᠭᠠᠯᠲᠠ ᠬᠢᠵᠦ᠂ ᠵᠢᠷᠤᠭ ᠤᠨ ᠲᠣᠯᠪᠤ ᠶᠢᠨ ᠪᠠᠶᠢᠭ᠎ᠠ ᠪᠣᠳᠠᠲᠠᠶ ᠣᠷᠣᠨ ᠪᠠᠶᠢᠷᠢ ᠶᠢ ᠲᠣᠭᠲᠠᠭᠠᠵᠤ᠂ ᠲᠤᠬᠠᠶ ᠶᠢᠨ ᠭᠠᠵᠠᠷ ᠲᠤᠨᠢ ᠬᠠᠶᠢᠨ ᠰᠢᠨᠵᠢᠬᠦ᠂ ᠵᠢᠯᠣᠭᠤᠴᠢ ᠥᠬᠡᠶ ᠨᠢᠰᠬᠡᠯ ᠤᠨ ᠲᠤᠬᠠᠶ ᠶᠢᠨ ᠲᠠᠯᠠᠪᠤᠷ ᠲᠤ ᠰᠡᠭᠦᠳᠡᠷᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠤᠨ ᠴᠡᠭ ᠪᠠᠶᠢᠷᠢ ᠶᠢ ᠨᠠᠷᠢᠨ ᠨᠢᠮᠪᠠᠶ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠡᠭ ᠪᠠᠶᠢᠷᠢ ᠪᠠᠶᠢᠷᠢᠯᠠᠯ ᠨᠢ ᠣᠨᠣᠪᠴᠢᠲᠠᠶ᠂ ᠮᠡᠳᠡᠭᠡ ᠵᠠᠩᠭᠢ ᠨᠢ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠪᠠ︔ ᠯᠠᠶᠢᠰᠧᠷ ᠬᠡᠷᠡᠯ ᠤᠨ ᠵᠠᠶ ᠬᠡᠮᠵᠢᠬᠦ ᠬᠡᠮᠵᠢᠭᠦᠷᠯᠢᠭ᠂ ᠥᠨᠳᠥᠷ ᠬᠡᠮᠵᠢᠭᠦᠷᠯᠢᠭ ᠢᠶᠠᠷ ᠵᠢᠷᠤᠭ ᠲᠣᠯᠪᠤ ᠶᠢ ᠣᠨᠢᠯᠠᠵᠤ᠂ ᠨᠠᠷᠢᠯᠢᠭ ᠣᠨᠣᠴᠠᠲᠠᠶ ᠬᠡᠮᠵᠢᠯᠲᠡ ᠶᠢᠨ ᠲᠤᠭ᠎ᠠ ᠪᠠᠷᠢᠮᠲᠠ ᠶᠢ ᠤᠩᠰᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠡᠨᠧᠷᠭᠢ ᠣᠯᠭᠤᠪᠠ᠃ ᠡᠭᠦᠨ ᠤ ᠬᠠᠮᠲᠤ᠂ ᠠᠵᠢᠯᠲᠠᠳ ᠴᠤᠭᠯᠠᠭᠤᠯᠤᠭᠰᠠᠨ ᠲᠤᠭ᠎ᠠ ᠪᠠᠷᠢᠮᠲᠠ᠂ ᠮᠠᠲ᠋ᠧᠷᠢᠶᠠᠯ ᠢ ᠡᠮᠬᠢᠯᠡᠨ ᠵᠠᠳᠠᠯᠵᠤ᠂ ᠠᠮᠢ ᠠᠬᠤᠶ ᠶᠢ ᠡᠪᠳᠡᠭᠰᠡᠨ ᠰᠡᠵᠢᠭᠯᠡᠯᠲᠡᠶ ᠠᠰᠠᠭᠤᠳᠠᠯ ᠤᠨ ᠪᠣᠳᠠᠲᠠᠶ ᠪᠠᠶᠢᠳᠠᠯ ᠢ ᠲᠣᠳᠣᠷᠬᠠᠶᠢᠯᠠᠵᠤ᠂ ︽ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠰᠢᠯᠵᠢᠮᠡᠯ ᠬᠢᠨᠠᠯᠲᠠ ᠬᠠᠮᠢᠶᠠᠷᠤᠯᠲᠠ︾᠎ ᠶᠢᠨ ᠰᠢᠰᠲ᠋ᠧᠮ ᠳᠤ ᠲᠠᠭᠯᠠᠨ ᠮᠡᠳᠡᠭᠦᠯᠵᠦ᠂ ᠣᠲᠣ ᠪᠣᠯᠲᠠᠯ᠎ᠠ᠂ ᠴᠢᠩᠱᠠᠨ ᠲᠣᠭᠤᠷᠢᠭ ᠤᠨ 22 ᠴᠡᠭ ᠨᠢᠭᠡᠨᠲᠡ ᠲᠤᠬᠠᠶ ᠶᠢᠨ ᠲᠠᠯᠠᠪᠤᠷ ᠤᠨ ᠬᠠᠷᠭᠤᠭᠤᠯᠤᠨ ᠪᠠᠶᠢᠴᠠᠭᠠᠯᠲᠠ ᠶᠢ ᠪᠦᠬᠦᠨ ᠢ ᠪᠡᠶᠡᠯᠡᠭᠦᠯᠪᠡ᠃      ᠬᠥᠮᠥᠨ ᠦᠭᠡᠢ ᠮᠠᠰᠢᠨ ᠵᠡᠷᠭᠡ ᠬᠠᠤᠯᠢ ᠬᠡᠷᠡᠭᠵᠢᠭᠦᠯᠬᠦ ᠰᠢᠨ᠎ᠡ ᠲᠣᠨᠤᠭ ᠲᠥᠬᠦᠭᠡᠷᠦᠮᠵᠢ ᠶᠢ ᠠᠰᠢᠭᠯᠠᠨ ᠬᠥᠮᠥᠨ ᠲᠥᠷᠥᠯᠬᠢᠲᠡᠨ ᠤ ᠠᠵᠢᠯᠯᠠᠭᠠᠨ ᠤ ᠴᠡᠭ ᠢ ᠬᠠᠷᠭᠤᠭᠤᠯᠤᠨ ᠪᠠᠶᠢᠴᠠᠭᠠᠬᠤ ᠪᠣᠯ ᠮᠠᠨ ᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠬᠠᠤᠯᠢ ᠬᠡᠷᠡᠭᠵᠢᠭᠦᠯᠬᠦ ᠰᠢᠨ᠎ᠡ ᠲᠣᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠪᠠ ᠬᠡᠷᠡᠭᠯᠡᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠳᠤ ᠪᠠᠲᠤ ᠴᠢᠩᠭ᠎ᠠ ᠬᠦᠴᠦᠲᠡᠢ ᠬᠠᠤᠯᠢ ᠬᠡᠷᠡᠭᠵᠢᠭᠦᠯᠬᠦ ᠪᠠᠲᠤᠯᠠᠭ᠎ᠠ ᠬᠠᠩᠭᠠᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号