1 — 4 ᠳ᠋ᠦ᠋ᠭᠡᠷ ᠰᠠᠷ᠎ᠠ ᠳᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠪᠤᠰᠤᠳ ᠠᠰᠢᠭ | ᠬᠤᠨᠵᠢᠪᠣᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠮᠠᠰᠢ | ᠰᠠᠶᠢᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠡᠵᠡᠩᠨᠡᠯᠲᠡ ᠶᠢᠨ ᠣᠷᠣᠯᠭ᠎ᠠ 9.1 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠳᠡᠭᠡᠷ᠎ᠡ ᠰᠠᠷ᠎ᠠ ᠶᠢᠨ ᠬᠢ ᠠᠴᠠ 1.5 ᠵᠠᠭᠤᠨ ᠤ ᠨᠢᠭᠡᠴᠢ ᠳᠡᠭᠡᠭᠰᠢᠯᠡᠵᠦ᠂ ᠪᠦᠬᠦ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 74. | 8% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ | ᠣᠷᠣᠯᠭ᠎ᠠ ᠶᠢᠨ ᠨᠡᠮᠡᠭᠳᠡᠯ ᠢ 10.9 ᠵᠠᠭᠤᠨ ᠤ ᠬᠤᠪᠢ ᠳᠡᠭᠡᠭᠰᠢᠯᠡᠭᠦᠯᠪᠡ᠃ | ᠠᠵᠢᠯ ᠲᠦᠷᠦᠯ ᠤᠨ ᠲᠦᠷᠦᠯ ᠠᠴᠠ ᠠᠪᠴᠤ ᠦᠵᠡᠪᠡᠯ᠂ ᠡᠶᠡᠷᠬᠦ ᠨᠡᠮᠡᠭᠳᠡᠯ ᠢ ᠪᠡᠶᠡᠯᠡᠭᠦᠯᠦᠭᠰᠡᠨ ᠠᠵᠢᠯ | ᠲᠦᠷᠦᠯ ᠳᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠪᠠ ᠲᠡᠭᠡᠭᠡᠪᠦᠷᠢ ᠶᠢᠨ ᠣᠷᠣᠯᠠᠨ ᠭᠦᠢᠴᠡᠳᠬᠡᠬᠦ | ᠦᠢᠯᠡᠰ᠂ ᠲᠦᠷᠢᠶᠡᠰᠦᠯᠡᠭᠦᠯᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ | ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ︵ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠪᠠ ᠡᠵᠡᠩᠨᠡᠯᠲᠡ ᠪᠠᠭᠲᠠᠬᠤ ᠦᠭᠡᠢ︶᠂ | ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ | ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ | ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠵᠡᠩᠨᠡᠯᠲᠡ ᠶᠢᠨ ᠣᠷᠣᠯᠭ᠎ᠠ ᠲᠣᠰ ᠲᠣᠰ | ᠠᠳᠠᠯᠢ ᠬᠤᠭᠤᠴᠠᠭᠠᠨ ᠤ ᠬᠢ ᠠᠴᠠ 36 ᠳᠠᠬᠢᠨ ᠨᠡᠮᠡᠭᠳᠡᠵᠦ᠂ 34.9%᠂ 17.4%᠂ 9.6%᠂ 8.3%᠂ 4. | 5% ᠪᠠ 0.5% ᠪᠠᠷ ᠨᠡᠮᠡᠭᠳᠡᠪᠡ︔ ᠰᠥᠭᠡᠷᠭᠦ ᠨᠡᠮᠡᠭᠳᠡᠯ ᠤᠨ ᠠᠵᠢᠯ ᠲᠦᠷᠦᠯ ᠳᠤ ᠰᠠᠭᠤᠭᠠᠯᠢ ᠠᠷᠠᠳ ᠤᠨ | ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠪᠠᠶᠢᠵᠤ᠂ ᠠᠴᠢᠶᠠᠯᠠᠵᠤ ᠪᠠᠭᠤᠯᠭᠠᠬᠤ | ᠵᠥᠭᠡᠭᠡᠪᠦᠷᠢᠯᠡᠬᠦ ᠪᠠ ᠬᠥᠮᠥᠷᠭᠡᠯᠡᠨ ᠬᠠᠳᠠᠭᠠᠯᠠᠬᠤ ᠦᠢᠯᠡᠰ ᠪᠠᠶᠢᠵᠤ᠂ ᠡᠵᠡᠩᠨᠡᠯᠲᠡ ᠶᠢᠨ ᠣᠷᠣᠯᠭ᠎ᠠ ᠨᠢ ᠲᠣᠰ ᠲᠣᠰ | ᠠᠳᠠᠯᠢ ᠬᠤᠭᠤᠴᠠᠭᠠᠨ ᠤ ᠬᠢ ᠠᠴᠠ 61.7% ᠪᠠ 6.7% ᠪᠠᠷ ᠪᠠᠭᠤᠷᠠᠪᠠ᠃ | | | | | | | | |