ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠢᠨᠠᠨ ᠪᠤᠳᠤᠬᠤ ᠡᠬᠢ ᠪᠠᠶᠠᠯᠢᠭ ᠢ | ᠨᠡᠶᠢᠳᠬᠡᠬᠦ᠂ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ ᠴᠢᠬᠤᠯᠠᠴᠢᠯᠠᠬᠤ᠂ ᠭᠤᠣᠯᠳᠠᠯᠭ᠎ᠠ ᠲᠠᠢ ᠬᠦᠷᠢᠶ᠎ᠡ ᠳᠤ | ᠠᠩᠬᠠᠷᠤᠯ ᠢᠶᠠᠨ ᠲᠥᠪᠯᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠵᠤ᠂ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠢᠨᠠᠨ | ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠢ ᠬᠠᠮᠠᠭᠠᠯᠠᠨ᠎ᠠ᠃ | ᠨᠢᠭᠡ ᠳᠤ᠂ ᠵᠣᠬᠢᠶᠠᠨ ᠪᠠᠶᠢᠭᠤᠯᠬᠤ ᠬᠡᠯᠪᠡᠷᠢ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠬᠠᠮᠲᠤᠷᠠᠯ ᠬᠦᠴᠦᠨ ᠢ ᠳᠡᠭᠡᠭᠰᠢᠯᠡᠭᠦᠯᠪᠡ᠃ ᠴᠢᠩᠱᠠᠨ ᠲᠣᠭᠤᠷᠢᠭ ᠤᠨ | ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠬᠢᠨᠠᠨ ᠪᠤᠳᠤᠬᠤ | ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠬᠢᠨᠠᠨ ᠪᠤᠳᠤᠬᠤ ᠳᠤᠭᠤᠶᠢᠯᠠᠩ ᠤᠨ ᠳᠠᠷᠤᠭ᠎ᠠ ᠵᠢᠴᠢ ᠡᠯ᠎ᠡ ᠬᠢᠨᠠᠨ | ᠪᠤᠳᠤᠬᠤ ᠳᠤᠭᠤᠶᠢᠯᠠᠩ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠷᠥᠯ ᠵᠦᠢᠯ ᠳᠤ ᠠᠵᠢᠯ ᠤᠨ | ᠲᠥᠰᠦᠯ᠂ ᠬᠡᠷᠡᠭᠵᠢᠭᠦᠯᠬᠦ ᠴᠠᠭ᠂ ᠮᠡᠳᠡᠭᠦᠯᠦᠯᠲᠡ ᠶᠢᠨ ᠬᠡᠪ ᠵᠠᠭᠪᠤᠷ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ | ᠨᠢᠭᠡᠳᠦᠯᠲᠡᠶ ᠲᠥᠯᠥᠪᠯᠡᠨ ᠲᠣᠭᠲᠠᠭᠠᠵᠤ᠂ ᠬᠢᠨᠠᠨ ᠪᠤᠳᠤᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ | ᠪᠠᠲᠤᠯᠠᠵᠤ᠂ ᠬᠢᠨᠠᠨ ᠪᠤᠳᠤᠬᠤ ︽ᠨᠢᠭᠡ ᠬᠥᠯᠭᠡ ᠰᠢᠲᠠᠷ᠎ᠠ︾ ᠶᠢᠨ ᠪᠠᠶᠢᠷᠢᠰᠢᠯ ᠢ ᠪᠣᠶ ᠪᠣᠯᠭᠠᠵᠤ᠂ ᠬᠢᠨᠠᠨ ᠪᠤᠳᠤᠬᠤ | ᠠᠵᠢᠯ ᠤᠨ ᠪᠦᠬᠦᠯᠢ ᠴᠣᠭᠴᠠ ᠶᠢᠨ ᠴᠢᠳᠠᠮᠠᠭᠠᠶ ᠴᠢᠨᠠᠷ ᠪᠠ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ᠬᠤᠶᠠᠷ ᠲᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ | ᠬᠢᠨᠠᠯᠲᠠ ᠶᠢᠨ ᠣᠨᠣᠪᠴᠢ ᠶᠢᠨ ᠬᠡᠮᠵᠢᠶ᠎ᠡ ᠶᠢ ᠴᠢᠩᠭᠠᠳᠬᠠᠨ᠎ᠠ᠃ 2025 ᠣᠨ ᠤ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠳᠤᠮᠳᠠ᠂ ᠤᠳᠤᠷᠢᠳᠬᠤ ᠺᠠᠳ᠋ᠷᠴᠤᠳ ᠤᠨ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠵᠡᠷᠭᠡ | ᠲᠠᠯ᠎ᠠ ᠪᠠᠷ ᠬᠢ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠢ ᠭᠤᠤᠯᠳᠠᠯᠭ᠎ᠠ ᠲᠠᠢ ᠠᠩᠬᠠᠷᠤᠨ᠎ᠠ᠃ ᠢᠯᠠᠩᠭᠤᠶ᠎ᠠ ᠠᠷᠠᠳ ᠤᠨ ᠠᠮᠢᠳᠤᠷᠠᠯ ᠳᠤ | ᠬᠤᠯᠪᠣᠭᠳᠠᠬᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ᠂ ᠵᠢᠱᠢᠶᠡᠯᠡᠪᠡᠯ ᠰᠤᠷᠭᠠᠨ ᠬᠥᠮᠦᠵᠢᠯ᠂ ᠬᠠᠤᠯᠢ ᠴᠠᠭᠠᠵᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶ᠎ᠡ ᠴᠠᠷᠠᠭ᠎ᠠ ᠳᠤ᠂ ᠤᠨᠢᠨ ᠳᠡᠭᠡᠷ᠎ᠡ ᠨᠢ ᠬᠢᠨᠠᠯᠲᠠ | ᠲᠠᠯᠪᠢᠬᠤ ᠪᠠᠷ ᠳᠠᠮᠵᠢᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠬᠢᠨᠠᠨ ᠪᠤᠳᠤᠵᠤ | ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠠᠶᠤᠯ ᠲᠦᠭᠰᠢᠭᠦᠷᠢ ᠶᠢ | ᠢᠯᠡᠷᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠶᠢᠨ ᠦᠨᠳᠦᠰᠦᠯᠡᠯ ᠬᠠᠩᠭᠠᠨ᠎ᠠ᠃ | ᠭᠤᠷᠪᠠ ᠳᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠬᠤᠯᠠᠴᠢᠯᠠᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠤᠨ᠎ᠠ᠃ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠭᠤᠣᠯᠯᠠᠬᠤ ᠦᠷᠳᠡᠭ ᠨᠢ ᠡᠷᠬᠡ ᠶᠢᠨ ᠠᠵᠢᠯᠯᠠᠭᠠᠨ ᠢ ᠬᠢᠨᠠᠯᠲᠠ ᠲᠠᠯᠪᠢᠨ | ᠦᠨᠡᠯᠡᠬᠦ ᠪᠠᠷ ᠳᠠᠮᠵᠢᠭᠤᠯᠤᠨ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠳᠤ ᠪᠠᠶᠢᠨ᠎ᠠ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠬᠢᠨᠠᠨ | ᠪᠤᠳᠤᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠪᠠᠷ ᠬᠠᠷᠠᠯᠲᠠ ᠪᠣᠯᠭᠠᠵᠤ᠂ ᠬᠢᠨᠠᠨ ᠪᠤᠳᠤᠯᠲᠠ ᠶᠢᠨ ᠴᠡᠭᠴᠡᠯᠡᠨ | ᠰᠠᠶᠢᠵᠢᠷᠠᠭᠤᠯᠤᠯᠲᠠ ᠶᠢ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠪᠠ ᠴᠠᠭ ᠤᠨ ᠬᠢᠵᠠᠭᠠᠷ ᠢ ᠲᠣᠳᠣᠷᠬᠠᠶᠢᠯᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ | ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠨ ᠬᠠᠮᠵᠢᠯᠴᠠᠬᠤ ᠪᠠᠷ | ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠪᠣᠳᠠᠲᠠᠶ | ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ | ᠲᠦᠭᠡᠮᠡᠯ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠳᠤ ᠴᠢᠭᠯᠡᠭᠦᠯᠦᠨ᠂ ᠰᠢᠯᠲᠠᠭᠠᠨ ᠢ ᠶᠡᠷᠦᠩᠬᠡᠶᠢᠯᠡᠨ ᠵᠠᠳᠠᠯᠵᠤ᠂ | ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ | ᠭᠤᠤᠯᠳᠠᠯᠭ᠎ᠠ ᠲᠠᠢ ᠬᠦᠷᠢᠶ᠎ᠡ ᠲᠠᠢ ᠤᠶᠠᠯᠳᠤᠭᠤᠯᠤᠨ᠂ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠬᠢᠨᠠᠨ | ᠪᠤᠳᠤᠭᠳᠠᠵᠦ ᠪᠠᠶᠢᠭ᠎ᠠ ᠨᠢᠭᠡᠴᠢ ᠶᠢᠨ ᠲᠦᠷᠢᠮ ᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢ ᠵᠢᠷᠤᠮᠵᠢᠭᠤᠯᠬᠤ ᠶᠢ ᠳᠥᠯᠭᠢᠨ | ᠠᠬᠢᠭᠤᠯᠵᠤ᠂ ᠨᠠᠮ ᠵᠠᠰᠠᠭ ᠤᠨ ᠭᠤᠤᠯ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ | ᠭᠦᠢᠴᠡᠳᠭᠡᠬᠦ ᠳᠤ ᠬᠦᠴᠦᠲᠡᠶ ᠪᠠᠲᠤᠯᠠᠭ᠎ᠠ ᠬᠠᠩᠭᠠᠵᠤ᠂ ︽ᠨᠢᠭᠡᠨᠲᠡ ᠡᠪᠡᠳᠴᠢᠯᠡᠭᠰᠡᠨ ᠢ ᠵᠠᠰᠠᠵᠤ᠂ ᠡᠪᠡᠳᠴᠢᠯᠡᠬᠦ ᠠᠴᠠ | ᠡᠮᠦᠨ᠎ᠡ ᠰᠡᠷᠭᠡᠶᠢᠯᠡᠬᠦ︾ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠃ | ᠳᠥᠷᠪᠡ ᠳᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢᠨ ᠬᠢᠨᠠᠨ ᠪᠣᠳᠣᠯᠲᠠ ᠶᠢᠨ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠨᠠᠮ ᠵᠠᠰᠠᠭ ᠤᠨ ᠤᠳᠤᠷᠢᠳᠬᠤ | ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠠᠵᠢᠯ ᠤᠨ ᠱᠠᠭᠠᠷᠳᠠᠯᠭ᠎ᠠ ᠳᠤ | ᠵᠣᠬᠢᠴᠠᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠬᠢᠨᠠᠨ ᠪᠣᠳᠣᠬᠤ | ᠡᠩᠨᠡᠭᠡᠨ ᠤ ᠪᠠᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠨᠠᠮ ᠵᠠᠰᠠᠭ ᠤᠨ ᠤᠳᠤᠷᠢᠳᠬᠤ | ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠠᠢ ᠬᠤᠯᠪᠣᠭᠳᠠᠬᠤ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ᠂ ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ᠂ ᠪᠣᠳᠠᠲᠤ ᠳᠠᠶᠢᠨ ᠳᠤ | ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠪᠤᠳᠤᠬᠤ ᠠᠵᠢᠯᠲᠠᠨ ᠤ ᠲᠤᠰᠬᠠᠶ | ᠮᠡᠷᠭᠡᠵᠢᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠮᠣ | ᠳ᠋ᠠᠶᠢᠲ᠋ᠠ ᠶᠢᠨ ᠬᠢᠨᠠᠨ ᠪᠤᠳᠤᠬᠤ ᠬᠡᠷᠡᠭᠯᠡᠭᠡᠨ ᠤ ᠮᠡᠷᠭᠡᠵᠢᠯ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠨᠢᠭᠡᠳᠦᠭᠡᠷ | ᠹᠷᠣᠨᠲ ᠤᠨ ᠬᠢᠨᠠᠨ ᠪᠤᠳᠤᠬᠤ ᠠᠵᠢᠯᠲᠠᠳ ᠢ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠳᠤᠮᠳᠠ ᠲᠤᠷᠰᠢᠯᠭ᠎ᠠ ᠬᠤᠷᠠᠮᠳᠤᠭᠤᠯᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ | ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ | ᠰᠢᠯᠢᠳᠡᠭ ᠰᠠᠶᠢᠨ ᠥᠨᠳᠥᠷ ᠬᠡᠪ ᠪᠣᠯᠪᠠᠰᠤᠷᠠᠯ ᠲᠠᠢ ᠬᠢᠨᠠᠨ ᠪᠤᠳᠤᠬᠤ ᠺᠠᠳ᠋ᠷ ᠤᠨ ᠡᠩᠨᠡᠭᠡ ᠶᠢ ᠪᠠᠶᠢᠭᠤᠯᠵᠤ᠂ ᠠᠵᠤ | ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠴᠢᠨᠠᠷ ᠰᠠᠶᠢᠲᠠᠶ ᠥᠷᠨᠢᠭᠦᠯᠬᠦ ᠳᠤ ᠪᠠᠲᠤ ᠪᠠᠬᠢ | ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | | | | |