ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠵᠤᠭᠠᠴᠠᠯ ᠤᠨ | ᠵᠠᠬ᠎ᠠ ᠳᠡᠯᠭᠡᠭᠦᠷ ᠤᠨ ᠬᠥᠭᠵᠢᠶᠡᠨᠲᠦ ᠪᠠᠶᠢᠳᠠᠯ ᠨᠡᠮᠡᠭᠳᠡᠵᠦ᠂ ᠡᠯ᠎ᠡ ᠦᠵᠡᠮᠵᠢ ᠶᠢᠨ ᠣᠷᠣᠨ ᠵᠢᠴᠢ ᠬᠤᠳᠠᠯᠳᠤᠭᠠᠨ ᠤ | ᠵᠡᠭᠡᠯᠢ ᠲᠣᠭᠤᠷᠢᠭ ᠤᠨ ᠬᠥᠮᠦᠨ ᠠᠷᠠᠳ ᠤᠨ ᠬᠦᠷᠢᠶᠡᠯᠡᠯ ᠢ ᠣᠯᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ | ᠭᠦᠢᠴᠡᠳ ᠪᠠᠳᠠᠷᠠᠭᠤᠯᠪᠠ᠃ ᠡᠭᠦᠨ ᠳᠤ᠂ 4A ᠲᠠᠰ ᠤᠨ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ | ᠣᠷᠣᠨ ᠤ ᠤᠮᠠᠷᠠᠲᠤ ᠶᠢᠨ ᠴᠡᠷᠢᠭ ᠵᠡᠪᠰᠡᠭ ᠤᠨ ᠬᠤᠲᠠ ᠶᠢᠨ ᠬᠢᠨ ᠥᠪᠡᠷᠮᠢᠴᠡ ᠣᠨᠴᠠᠯᠢᠭ ᠲᠠᠢ ᠴᠡᠷᠢᠭ ᠤᠨ | ᠶᠠᠪᠤᠳᠠᠯ ᠤᠨ ᠰᠣᠶᠣᠯ ᠤᠨ ᠷᠢᠳᠢ ᠰᠢᠳᠢ ᠪᠠᠷ ᠵᠤᠭᠠᠴᠠᠭᠰᠠᠳ ᠢ 2.7 ᠲᠦᠮᠡᠨ ᠬᠥᠮᠦᠨ ᠤᠳᠠᠭ᠎ᠠ ᠲᠠᠲᠠᠵᠤ᠂ | ᠡᠵᠡᠩᠨᠡᠯᠲᠡ ᠶᠢᠨ ᠣᠷᠣᠯᠭ᠎ᠠ ᠶᠢ 23 ᠲᠦᠮᠡᠨ ᠲᠥᠭᠦᠷᠢᠭ ᠡᠭᠦᠳᠴᠦ᠂ ᠠᠳᠠᠯᠢ ᠬᠤᠭᠤᠴᠠᠭᠠᠨ ᠤ ᠬᠢ ᠠᠴᠠ 20. | 3% ᠪᠠᠷ ᠨᠡᠮᠡᠭᠳᠡᠪᠡ︔ ᠪᠤᠤ ᠮᠢᠶᠠᠨ 1958 ᠨᠢ ᠭᠦᠨ ᠵᠤᠵᠠᠭᠠᠨ ᠠᠵᠤ ᠦᠢᠯᠡᠳᠪᠦᠷᠢ ᠶᠢᠨ ᠰᠣᠶᠣᠯ ᠤᠨ ᠠᠭᠤᠷ | ᠠᠮᠢᠰᠬᠤᠯ ᠢᠶᠠᠷ 8000 ᠵᠤᠭᠠᠴᠠᠭᠰᠠᠳ ᠢ ᠲᠠᠲᠠᠵᠤ᠂ 1.3 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ | ᠡᠭᠦᠳᠪᠡ︔ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ | ᠲᠦᠪᠯᠡᠷᠡᠯ ᠤᠨ ᠣᠷᠣᠨ ᠤ ᠵᠧᠩ ᠰᠢᠶᠠᠩ ᠵᠡᠭᠡᠯᠢ ᠲᠣᠭᠤᠷᠢᠭ ᠡᠯᠪᠡᠭ ᠪᠠᠶᠠᠯᠢᠭ ᠬᠤᠳᠠᠯᠳᠤᠭᠠᠨ ᠤ ᠦᠢᠯᠡᠰ ᠤᠨ | ᠡᠵᠡᠩᠨᠡᠯᠲᠡ ᠶᠢᠨ ᠬᠡᠯᠪᠡᠷᠢ ᠪᠠᠷ ᠢᠶᠠᠨ 10 ᠲᠦᠮᠡᠨ ᠬᠥᠮᠦᠨ ᠤᠳᠠᠭ᠎ᠠ ᠶᠢ ᠰᠢᠩᠭᠡᠭᠡᠨ ᠠᠪᠴᠤ᠂ ᠡᠵᠡᠩᠨᠡᠯᠲᠡ ᠶᠢᠨ | ᠣᠷᠣᠯᠭ᠎ᠠ 300 ᠲᠦᠮᠡᠨ ᠲᠥᠭᠦᠷᠢᠭ ᠢ ᠳᠠᠪᠠᠵᠤ᠂ ᠠᠮᠠᠷᠠᠯᠲᠠ ᠶᠢᠨ ᠬᠤᠭᠤᠴᠠᠭᠠᠨ ᠤ ᠬᠡᠷᠡᠭᠯᠡᠭᠡᠨ ᠤ ᠬᠠᠯᠠᠮᠰᠢᠯ ᠲᠠᠢ | ᠭᠠᠵᠠᠷ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠴᠢᠩᠱᠠᠨ ᠲᠣᠭᠤᠷᠢᠭ ᠤᠨ ᠳ᠋ᠦᠩ ᠳ᠋ᠡ ᠭᠸᠤ ᠲᠣᠰᠬᠤᠨ᠂ | ᠤᠮᠠᠷᠠᠲᠤ ᠶᠢᠨ ᠴᠡᠷᠢᠭ ᠵᠡᠪᠰᠡᠭ ᠤᠨ ᠬᠤᠳᠠ᠂ ᠡᠯ᠎ᠡ ᠬᠤᠳᠠᠯᠳᠤᠭᠠᠨ ᠤ ᠲᠣᠭᠤᠷᠢᠭ ᠲᠤ 73 ᠤᠳᠠᠭᠠᠨ ᠤ | ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠷᠠᠭ᠎ᠠ | ᠬᠤᠳᠠᠯᠳᠤᠨ ᠠᠪᠬᠤ᠂ ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ ᠤᠯᠠᠨ ᠬᠦᠷᠢᠶ᠎ᠡ ᠶᠢ ᠬᠠᠮᠤᠷᠴᠤ᠂ 13 ᠲᠦᠮᠡᠨ | ᠬᠥᠮᠦᠨ ᠤᠳᠠᠭ᠎ᠠ ᠤᠷᠤᠯᠴᠠᠵᠦ᠂ ᠬᠡᠷᠡᠭᠯᠡᠭᠡᠨ ᠤ ᠵᠣᠭᠤᠰ ᠤᠨ ᠲᠤᠭ᠎ᠠ 70 ᠲᠦᠮᠡᠨ ᠲᠥᠭᠦᠷᠢᠭ ᠢ ᠳᠠᠪᠠᠵᠤ᠂ ᠮᠠᠨ ᠤ | ᠲᠤᠭᠤᠷᠢᠭ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠯᠤᠲᠤ ᠶᠡᠭᠡ ᠲᠠᠯᠳᠠ ᠬᠦᠴᠦᠨ ᠪᠣᠯᠤᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠬᠦ ᠵᠢᠯ ᠤᠨ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ | ᠦᠷᠭᠦᠯᠵᠢᠯᠡᠨ ᠴᠡᠴᠡᠭᠯᠡᠨ ᠬᠥᠭᠵᠢᠬᠦ ᠳᠤ ᠰᠠᠶᠢᠨ ᠰᠠᠭᠤᠷᠢ ᠲᠠᠯᠪᠢᠵᠤ ᠥᠭᠪᠡ᠃ | | | | | | | | |