ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠰᠢᠨ᠎ᠡ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ | ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠨᠡᠷᠡᠰ ᠢ ᠵᠢᠩᠬᠢᠨᠢ ᠪᠠᠷ | ᠨᠡᠶᠢᠲᠡᠯᠡᠵᠦ᠂ ᠴᠢᠩᠱᠠᠨ ᠲᠣᠭᠤᠷᠢᠭ ᠤᠨ ᠥᠪᠥᠷ ᠮᠣᠩᠭᠤᠯ ᠤᠨ ᠯᠦ ᠴᠧᠩ ᠠᠵᠢᠯ ᠮᠡᠷᠭᠡᠵᠢᠯ ᠤᠨ ᠪᠣᠯᠪᠠᠰᠤᠷᠠᠯ ᠤᠨ | ᠰᠤᠷᠭᠠᠭᠤᠯᠢ ᠴᠢᠩᠭ᠎ᠠ ᠰᠢᠯᠭᠠᠷᠠᠭᠤᠯᠬᠤ ᠪᠠᠷ ᠳᠡᠮᠵᠢᠨ᠂ ᠰᠤᠷᠭᠠᠭᠤᠯᠢ ᠡᠷᠭᠢᠯᠡᠬᠦ ᠯᠠᠪᠳᠠᠭᠤᠨ ᠪᠠᠲᠤᠲᠠᠶ ᠰᠠᠭᠤᠷᠢ᠂ | ᠢᠯᠡᠳᠲᠡ ᠪᠣᠯᠪᠠᠰᠤᠷᠠᠭᠤᠯᠤᠯ ᠤᠨ ᠦᠷ᠎ᠡ ᠪᠦᠲᠦᠮᠵᠢ ᠪᠠ ᠵᠢᠷᠤᠮᠵᠢᠭᠰᠠᠨ ᠬᠠᠮᠢᠶᠠᠷᠤᠯᠲᠠ ᠶᠢᠨ ᠰᠢᠰᠲ᠋ᠧᠮ ᠢ | ᠠᠰᠢᠭᠯᠠᠨ ᠠᠮᠵᠢᠯᠲᠠ ᠲᠠᠢ ᠪᠠᠷ ᠰᠣᠩᠭᠤᠭᠳᠠᠪᠠ᠃ ᠡᠨᠡ ᠪᠣᠯ ᠲᠣᠰ ᠰᠤᠷᠭᠠᠭᠤᠯᠢ ︽ᠥᠪᠡᠷᠲᠡᠭᠡᠨ ᠵᠠᠰᠠᠬᠤ ᠣᠷᠣᠨ ᠤ | ᠵᠢᠱᠢᠶ᠎ᠡ ᠦᠵᠡᠭᠦᠯᠬᠦ ᠴᠢᠨᠠᠷᠲᠠᠶ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ | ᠰᠠᠭᠤᠷᠢᠨ ᠭᠠᠵᠠᠷ︾ ︽5A ᠲᠠᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ︾ ︽ᠪᠤᠭᠤᠲᠤ ᠬᠤᠲᠠ ᠶᠢᠨ ᠳᠡᠭᠡᠳᠦ | ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ︾ ᠵᠡᠷᠭᠡ ᠴᠣᠯᠠ ᠬᠦᠷᠲᠡᠭᠰᠡᠨ ᠤ ᠳᠠᠷᠠᠭ᠎ᠠ᠂ | ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠬᠦᠷᠢᠶᠡᠨ ᠳᠤ ᠣᠯᠤᠭᠰᠠᠨ ᠪᠠᠰᠠ ᠨᠢᠭᠡᠨ ᠴᠢᠬᠤᠯᠠ | ᠰᠢᠪᠲᠤᠯᠤᠯᠲᠠ ᠪᠣᠯᠤᠨ᠎ᠠ᠂ ᠡᠨᠡ ᠨᠢ ᠴᠢᠩᠱᠠᠨ ᠲᠣᠭᠤᠷᠢᠭ ᠤᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶ᠎ᠡ ᠶᠢ ᠭᠦᠨᠵᠡᠭᠡᠶᠢᠷᠡᠭᠦᠯᠵᠦ᠂ ᠤᠷ᠎ᠠ ᠴᠢᠳᠠᠪᠤᠷᠢ ᠪᠠᠷ | ᠰᠤᠷᠭᠠᠭᠤᠯᠢ ᠶᠢ ᠬᠦᠴᠦᠷᠬᠡᠭᠵᠢᠭᠦᠯᠬᠦ ᠲᠥᠷᠥᠯ ᠲᠡᠮᠳᠡᠭ ᠢ ᠪᠣᠶ ᠪᠣᠯᠭᠠᠨ᠎ᠠ | ᠥᠪᠥᠷ ᠮᠣᠩᠭᠤᠯ ᠤᠨ ᠯᠦ ᠴᠧᠩ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ 2013 ᠣᠨ ᠳᠤ | ᠪᠠᠶᠢᠭᠤᠯᠤᠭᠳᠠᠪᠠ᠃ ᠰᠤᠷᠭᠠᠭᠤᠯᠢ ᠶᠢᠨ ᠣᠲᠣ ᠪᠠᠶᠢᠭ᠎ᠠ ᠪᠠᠷᠢᠯᠭ᠎ᠠ ᠶᠢᠨ ᠲᠠᠯᠠᠪᠠᠶ 4100 ᠲᠡᠭᠰᠢ ᠳᠥᠷᠪᠡᠯᠵᠢᠨ | ᠮᠧᠲᠷ ᠪᠠᠶᠢᠵᠤ᠂ ᠲᠡᠷᠢᠭᠦᠨ ᠤ ᠳᠠᠳᠤᠯᠭ᠎ᠠ ᠪᠣᠯᠪᠠᠰᠤᠷᠠᠯ ᠤᠨ ᠲᠥᠬᠦᠭᠡᠷᠦᠮᠵᠢ 1300 ᠰᠠᠭᠤᠷᠢ ︵ᠢᠵᠢ︶ | ᠳᠣᠭᠢᠷᠠᠭᠤᠯᠵᠤ᠂ ᠶᠡᠷᠦᠩᠬᠡᠶ ᠥᠷᠲᠡᠭ ᠨᠢ 1700 ᠲᠦᠮᠡᠨ ᠲᠥᠭᠦᠷᠢᠭ ᠢ ᠳᠠᠪᠠᠵᠤ᠂ ᠴᠠᠬᠢᠯᠭᠠᠨ ᠤ ᠠᠵᠢᠯᠴᠢᠨ᠂ | ᠬᠥᠩᠭᠡᠨ ᠴᠠᠭᠠᠨ ᠴᠠᠬᠢᠯᠭᠠᠨ ᠵᠠᠳᠠᠯᠤᠯ ᠤᠨ ᠠᠵᠢᠯᠴᠢᠨ᠂ ᠰᠦᠯᠵᠢᠶᠡᠨ ᠤ ᠠᠮᠤᠷ ᠲᠦᠪᠰᠢᠨ ᠤ ᠮᠡᠳᠡᠭᠡ ᠵᠠᠩᠭᠢ ᠶᠢᠨ | ᠬᠠᠮᠢᠶᠠᠷᠤᠭᠴᠢ ᠵᠡᠷᠭᠡ 28 ᠠᠵᠢᠯ ᠮᠡᠷᠭᠡᠵᠢᠯ ︵ᠠᠵᠢᠯ ᠤᠨ ᠲᠥᠷᠥᠯ︶ ᠭᠠᠷᠭᠠᠵᠤ᠂ ᠵᠢᠯ ᠤᠨ ᠪᠣᠯᠪᠠᠰᠤᠷᠠᠯ ᠤᠨ | ᠴᠢᠳᠠᠪᠤᠷᠢ 2500 ᠬᠥᠮᠦᠨ ᠤᠳᠠᠭ᠎ᠠ ᠳᠤ ᠬᠥᠷᠪᠡ᠃ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢ᠂ | ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠲᠡ 2.68 ᠲᠦᠮᠡᠨ | ᠬᠥᠮᠦᠨ ᠤᠳᠠᠭ᠎ᠠ ᠥᠷᠨᠢᠭᠦᠯᠵᠦ᠂ ᠡᠭᠦᠨ ᠳᠤ ᠳᠡᠭᠡᠳᠦ ᠵᠡᠷᠭᠡ ᠶᠢᠨ ᠠᠵᠢᠯᠴᠢᠨ ᠵᠢᠴᠢ ᠲᠡᠭᠦᠨ ᠠᠴᠠ ᠳᠡᠭᠡᠭᠰᠢᠬᠢ | ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠡᠵᠡᠯᠡᠬᠦ ᠬᠠᠷᠢᠴᠠᠯ ᠢ 20% ᠶᠢ ᠡᠵᠡᠯᠡᠵᠦ᠂ | ᠪᠣᠯᠪᠠᠰᠤᠷᠠᠭᠤᠯᠤᠯ ᠤᠨ ᠳᠠᠷᠠᠭ᠎ᠠ ᠠᠵᠢᠯ ᠣᠯᠬᠤ ᠨᠣᠷᠮ᠎ᠠ ᠶᠢ 80% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ | ᠪᠤᠭᠤᠲᠤ ᠬᠤᠲᠠ ᠶᠢᠨ ᠭᠤᠤᠯᠳᠠᠯᠭ᠎ᠠ ᠲᠠᠢ ᠠᠵᠤ ᠦᠢᠯᠡᠰ ᠲᠤ 2000 ᠭᠠᠷᠤᠶ ᠮᠡᠷᠭᠡᠵᠢᠯ ᠤᠨ ᠴᠢᠳᠠᠪᠤᠷᠢᠲᠠᠨ | ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠶᠢᠲᠡᠯᠢᠭ ᠵᠢᠱᠢᠶ᠎ᠡ ᠪᠣᠯᠤᠭᠰᠠᠨ ᠪᠠᠶᠢᠨ᠎ᠠ᠃ | ᠠᠵᠦ ᠦᠢᠯᠡᠰ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠨ᠎ᠡ | ᠰᠤᠷᠭᠠᠭᠤᠯᠢ ᠨᠢ ᠪᠤᠭᠤᠲᠤ ᠬᠤᠲᠠ ᠶᠢᠨ ︽ᠳᠡᠯᠡᠬᠡᠶ ᠶᠢᠨ ᠬᠤᠪᠣᠷ ᠰᠢᠷᠣᠶ ᠶᠢᠨ ᠬᠤᠲᠠ︾ ︽ᠳᠡᠯᠡᠬᠡᠶ ᠶᠢᠨ | ᠪᠣᠬᠢᠷᠲᠤᠯ ᠥᠬᠡᠶ ᠴᠠᠬᠢᠭᠤᠷ ᠤᠨ ᠬᠤᠲᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠵᠢᠴᠢ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ᠂ ︽ᠵᠠᠰᠠᠭ ᠠᠵᠤ ᠠᠬᠤᠶᠢᠯᠠᠯ ᠰᠤᠷᠭᠠᠭᠤᠯᠢ︾ ᠶᠢᠨ ᠬᠠᠮᠵᠢᠯᠴᠠᠨ ᠬᠥᠮᠦᠨ ᠢ | ᠬᠥᠮᠦᠵᠢᠭᠦᠯᠬᠦ ᠵᠠᠭᠪᠤᠷ ᠢ ᠪᠠᠶᠢᠭᠤᠯᠪᠠ᠄ ᠨᠢᠭᠡ ᠳᠤ ᠭᠤᠤᠯᠳᠠᠯᠭ᠎ᠠ ᠲᠠᠢ 41 ᠠᠵᠤ ᠠᠬᠤᠶᠢᠯᠠᠯ ᠯᠤᠭ᠎ᠠ ᠰᠤᠷᠭᠠᠭᠤᠯᠢ | ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠵᠠᠬᠢᠶᠠᠯᠠᠭ᠎ᠠ ᠶᠢᠨ ᠬᠡᠯᠪᠡᠷᠢ ᠪᠠᠷ 136 | ᠠᠩᠭᠢ ᠶᠢ ᠬᠥᠮᠥᠵᠢᠭᠦᠯᠵᠦ᠂ ᠬᠠᠨᠳᠤᠯᠭ᠎ᠠ ᠲᠠᠢ ᠪᠠᠷ ᠬᠦᠷᠭᠡᠬᠦ ᠮᠡᠷᠭᠡᠵᠢᠯ ᠤᠨ ᠴᠢᠳᠠᠪᠤᠷᠢᠲᠠᠨ ᠢ 8 160 ᠬᠥᠮᠦᠨ | ᠤᠳᠠᠭ᠎ᠠ ᠬᠥᠮᠦᠵᠢᠭᠦᠯᠵᠦ᠂ ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ᠂ ᠠᠵᠤ | ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠠᠵᠢᠯᠴᠢᠨ ᠤ ᠲᠦᠷᠢᠮ ᠤᠨ ᠪᠣᠯᠪᠠᠰᠤᠷᠠᠭᠤᠯᠤᠯ᠂ ᠠᠵᠢᠯ ᠤᠨ | ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠪᠠ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠢ ᠪᠥᠬᠦ ᠲᠠᠯ᠎ᠠ ᠪᠠᠷ ᠥᠷᠨᠢᠭᠦᠯᠪᠡ︔ ᠭᠤᠷᠪᠠ ᠳᠤ᠂ ᠤᠷᠤᠯᠳᠤᠭᠠᠨ ᠤ ᠵᠢᠯᠣᠭᠤᠳᠤᠯᠭ᠎ᠠ ᠶᠢ | ᠴᠢᠩᠭᠠᠳᠬᠠᠵᠤ᠂ ᠡᠯ᠎ᠡ ᠱᠠᠲᠤᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠪᠠ ᠠᠳᠠᠯ ᠦᠢᠯᠡᠰ | ᠴᠣᠭᠴᠠᠯᠠᠬᠤ ᠪᠣᠯᠪᠠᠰᠤᠷᠠᠭᠤᠯᠤᠯ ᠢ ᠪᠥᠬᠦ ᠲᠠᠯ᠎ᠠ ᠪᠠᠷ ᠥᠷᠨᠢᠭᠦᠯᠪᠡ᠃ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠴᠢᠳᠠᠪᠤᠷᠢᠲᠠᠨ ᠢ ᠬᠥᠮᠦᠵᠢᠭᠦᠯᠬᠦ | ᠰᠠᠭᠤᠷᠢ ᠶᠢ ᠪᠠᠬᠢᠵᠢᠭᠦᠯᠦᠨ᠎ᠡ | ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠳᠤ ᠨᠡᠶᠢᠴᠡᠭᠦᠯᠦᠨ ᠬᠡᠷᠡᠭᠯᠡᠭᠰᠡᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠪᠠᠯᠠ ᠮᠥᠩᠭᠦ ᠶᠢᠨ ᠬᠡᠪ ᠳᠠᠭᠤᠷᠢᠶᠠᠯ ᠨᠢᠭᠡᠴᠢ | ᠪᠣᠯᠤᠭᠰᠠᠨ ᠤ ᠬᠤᠪᠢ ᠳᠤ᠂ ᠲᠣᠰ ᠰᠤᠷᠭᠠᠭᠤᠯᠢ ᠨᠢ ᠥᠩᠭᠡᠷᠡᠭᠰᠡᠨ ᠵᠢᠯ ᠤᠳ ᠤᠨ ᠤᠯᠤᠰ ᠵᠢᠴᠢ ᠥᠪᠡᠷᠲᠡᠭᠡᠨ | ᠵᠠᠰᠠᠬᠤ ᠣᠷᠣᠨ ᠤ ᠲᠤᠰᠬᠠᠶ ᠬᠢᠨᠠᠨ ᠪᠤᠳᠤᠯᠲᠠ ᠳᠤ ᠴᠥᠮ ᠳᠡᠭᠡᠳᠦ ᠬᠡᠮᠵᠢᠶᠡᠨ ᠤ ᠦᠨᠡᠯᠡᠯᠲᠡ ᠬᠢᠵᠦ᠂ ᠪᠠᠭᠰᠢ ᠶᠢᠨ | ᠬᠦᠴᠦᠨ ᠴᠢᠩᠭ᠎ᠠ᠂ 70 ᠪᠠᠭᠰᠢ ᠠᠵᠢᠯᠲᠠᠨ ᠤ ᠳᠣᠲᠣᠷ᠎ᠠ ᠳᠡᠭᠡᠳᠦ ᠵᠡᠷᠭᠡ ᠶᠢᠨ ᠠᠵᠢᠯᠴᠢᠨ ᠵᠢᠴᠢ ᠲᠡᠭᠦᠨ ᠠᠴᠠ | ᠳᠡᠭᠡᠭᠰᠢᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠲᠠᠰ ᠲᠠᠢ ᠬᠥᠮᠦᠰ ᠤᠨ ᠡᠵᠡᠯᠡᠬᠦ ᠬᠠᠷᠢᠴᠠᠯ ᠢ 80 | % ᠳᠤ ᠬᠦᠷᠦᠭᠦᠯᠵᠦ᠂ ︽ᠨᠠᠷᠠᠲᠤ ᠪᠠᠭᠰᠢ ᠱᠠᠪᠢ ᠳᠠᠭᠠᠭᠤᠯᠬᠤ᠂ ᠱᠠᠲᠤᠯᠠᠨ ᠬᠥᠮᠦᠵᠢᠭᠦᠯᠬᠦ︾ ᠬᠥᠮᠦᠨ ᠬᠥᠮᠦᠵᠢᠭᠦᠯᠬᠦ | ᠳᠠᠪᠠᠭᠤᠯᠢᠭ ᠢ ᠪᠣᠶ ᠪᠣᠯᠭᠠᠪᠠ᠃ ᠲᠣᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠮᠡᠷᠭᠡᠵᠢᠯ ᠤᠨ | ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠲᠤ ᠰᠣᠩᠭᠤᠭᠳᠠᠭᠰᠠᠨ ᠨᠢ ᠰᠤᠷᠭᠠᠭᠤᠯᠢ ᠶᠢᠨ ᠰᠤᠷᠭᠠᠭᠤᠯᠢ | ᠡᠷᠭᠢᠯᠡᠭᠰᠡᠨ ᠦᠷ᠎ᠡ ᠪᠦᠲᠦᠭᠡᠯ ᠤᠨ ᠡᠷᠬᠡ ᠰᠦᠷ ᠢ ᠮᠡᠳᠡᠷᠡᠵᠦ ᠪᠠᠶᠢᠬᠤ ᠪᠠᠷ ᠪᠠᠷᠠᠬᠤ ᠥᠬᠡᠶ᠂ ᠪᠠᠰᠠ ᠴᠢᠩᠱᠠᠨ | ᠲᠣᠭᠤᠷᠢᠭ ᠤᠨ ︽ᠮᠡᠷᠭᠡᠵᠢᠯ ᠤᠨ ᠴᠢᠳᠠᠪᠤᠷᠢᠲᠠᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ | ᠬᠥᠮᠦᠵᠢᠭᠦᠯᠬᠦ ᠰᠢᠰᠲ᠋ᠧᠮᠵᠢ︾ ᠶᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠤᠷ᠎ᠠ | ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ | ᠪᠠ ᠵᠢᠯᠣᠭᠤᠳᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠥᠪᠥᠷ ᠮᠣᠩᠭᠤᠯ ᠤᠨ ᠯᠦ ᠴᠧᠩ ᠠᠵᠢᠯ | ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢ ᠬᠠᠪᠰᠤᠷᠤᠨ ᠰᠠᠭᠤᠷᠢᠨ ᠭᠠᠵᠠᠷ ᠤᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠲᠠᠢ ᠨᠢᠭᠲᠠ ᠵᠣᠯᠭᠠᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ | ᠡᠭᠦᠳᠬᠦ ᠶᠢ ᠭᠦᠨᠵᠡᠭᠡᠶᠢᠷᠡᠭᠦᠯᠵᠦ᠂ ︽ᠬᠥᠮᠦᠵᠢᠭᠦᠯᠬᠦ - ᠦᠨᠡᠯᠡᠬᠦ - ᠤᠷᠮᠠᠰᠢᠭᠤᠯᠬᠤ︾ ᠶᠢ ᠨᠢᠭᠡ ᠴᠤᠭᠴᠠᠵᠢᠭᠤᠯᠤᠭᠰᠠᠨ | ᠲᠣᠭᠲᠠᠴᠠ ᠶᠢ ᠪᠦᠷᠢᠨᠰᠢᠭᠦᠯᠵᠦ᠂ ︽ᠪᠤᠭᠤᠲᠦ︾ ᠬᠥᠳᠡᠯᠮᠦᠷᠢ ᠬᠦᠴᠦᠨ ᠤ ᠨᠠᠷᠠᠲᠤ ᠲᠥᠷᠥᠯ ᠲᠡᠮᠳᠡᠭᠲᠦ ᠶᠢ | ᠭᠡᠷᠡᠯᠲᠦᠭᠦᠯᠬᠦ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠳᠤ ᠦᠢᠯᠡᠴᠢᠯᠡᠬᠦ ᠶᠢ ᠬᠡᠷᠡᠭᠵᠢᠭᠦᠯᠬᠦ ᠳᠤ | ᠨᠠᠩ ᠣᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠶᠢ | ᠬᠡᠷᠡᠭᠵᠢᠭᠦᠯᠵᠦ᠂ ᠣᠳᠣᠬᠢᠴᠢᠯᠠᠭᠰᠠᠨ ᠰᠢᠨ᠎ᠡ ᠪᠤᠭᠤᠲᠤ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠨᠠᠩ | ᠶᠡᠭᠡ ᠬᠤᠪᠢ ᠨᠡᠮᠡᠷᠢ ᠦᠵᠡᠭᠦᠯᠦᠨ᠎ᠡ᠃ | | | | |