ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 3 ᠤ ᠴᠠᠭᠢᠯᠭᠠᠨ ᠮᠡᠳᠡᠭᠡ ᠲᠠᠪᠤᠨ ᠰᠠᠷ᠎ᠠ ᠶᠢᠨ ᠳᠥᠷᠪᠡᠨ ᠤ | ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠰᠢᠨᠵᠢᠶᠠᠩ ᠤᠨ ᠺᠢᠽᠢᠯᠰᠦ᠋ ᠶᠢᠨ ᠭᠢᠷᠭᠢᠰ ᠤᠨ ᠥᠪᠡᠷᠲᠡᠭᠡᠨ ᠵᠠᠰᠠᠬᠤ ᠵᠧᠦ ᠶᠢᠨ ᠠᠲ᠋ᠦ᠋ᠱ | ᠬᠤᠳᠠ ᠶᠢᠨ ᠺᠠᠷᠠ ᠵᠢᠶᠦ᠋ᠨ ᠰᠢᠶᠠᠩ ᠤᠨ ᠰᠢᠶᠤᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ | ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢᠨ | ᠪᠦᠭᠦ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠪᠦᠭᠦ ᠤᠯᠤᠰ ᠤᠨ ᠥᠷᠭᠡᠨ ᠣᠯᠠᠨ ᠵᠠᠯᠠᠭᠤᠴᠤᠳ ᠲᠤ ᠪᠠᠶᠠᠷ ᠤᠨ | ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠨᠠᠨᠳᠢᠨ ᠬᠦᠰᠡᠯ ᠳᠤᠷᠠᠳᠴᠠᠢ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠨᠠᠮ ᠤᠨ ᠤᠷᠢᠶᠠᠯᠠᠭ᠎ᠠ ᠶᠢ ᠳᠠᠭᠠᠵᠤ ᠪᠠᠷᠠᠭᠤᠨᠳᠡᠬᠢ ᠬᠢᠯᠢ | ᠬᠢᠵᠠᠭᠠᠷ ᠣᠷᠣᠨ ᠳᠤ ᠬᠦᠷᠴᠦ ᠪᠢᠴᠢᠭ ᠵᠢᠭᠠᠵᠤ ᠬᠥᠮᠥᠨ ᠬᠥᠮᠥᠵᠢᠭᠦᠯᠵᠦ᠂ ᠲᠤᠬᠠᠢ ᠶᠢᠨ ᠭᠠᠵᠠᠷ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠠ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠳᠤ | ᠢᠳᠡᠪᠬᠢᠲᠡᠢ ᠦᠢᠯᠡᠳᠦᠯ ᠪᠠᠳᠠᠷᠠᠭᠤᠯᠵᠤ᠂ ᠥᠪᠡᠷ ᠢᠶᠠᠨ ᠴᠦ ᠳᠠᠪᠲᠠᠭᠳᠠᠨ ᠪᠣᠯᠪᠠᠰᠤᠷᠠᠵᠤ ᠦᠰᠦᠨ ᠪᠤᠶᠢᠵᠢᠭᠰᠠᠨ ᠪᠠᠶᠢᠨ᠎ᠠ | ᠭᠡᠵᠦ ᠬᠡᠯᠡᠪᠡ᠃ | ᠰᠢ ᠶᠢᠨ ᠫᠢᠩ᠂ ᠡᠳᠡᠭᠡᠷ ᠵᠢᠯ ᠤᠳ ᠲᠤ ᠨᠡᠩ ᠤᠯᠠᠨ ᠵᠠᠯᠠᠭᠤᠴᠤᠳ ᠪᠠᠷᠠᠭᠤᠨ ᠣᠷᠣᠨ ᠳᠤ ᠣᠴᠢᠵᠤ᠂ ᠬᠥᠳᠡᠭᠡ | ᠲᠣᠰᠬᠤᠨ ᠳᠤ ᠣᠴᠢᠵᠤ᠂ ᠦᠨᠳᠦᠰᠦᠨ ᠱᠠᠲᠤᠨ ᠳᠤ ᠣᠴᠢᠵᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠵᠠᠮ ᠢ ᠰᠣᠩᠭᠤᠵᠤ᠂ | ᠬᠠᠷᠠᠮ ᠦᠭᠡᠢ ᠵᠣᠷᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠴᠤᠭ ᠪᠠᠳᠠᠷᠠᠩᠭᠤᠢ | ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠤᠯᠤᠰ ᠢᠶᠠᠨ ᠬᠦᠴᠦᠷᠬᠡᠭᠵᠢᠭᠦᠯᠬᠦ ᠳᠤ ᠮᠢᠨᠤ | ᠬᠠᠷᠢᠭᠤᠴᠠᠯᠭ᠎ᠠ ᠡᠭᠦᠷᠭᠡᠯᠡᠯ ᠪᠠᠶᠢᠬᠤ ᠶᠢ ᠢᠯᠡᠷᠡᠭᠦᠯᠪᠡ᠃ ᠥᠷᠭᠡᠨ ᠣᠯᠠᠨ ᠵᠠᠯᠠᠭᠤᠴᠤᠳ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠡᠬᠡ ᠤᠯᠤᠰ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ | ᠪᠤᠯᠪᠠᠰᠤᠷᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠬᠡ ᠤᠯᠤᠰ ᠪᠣᠯᠣᠨ ᠠᠷᠠᠳ ᠲᠦᠮᠡᠨ ᠤ ᠬᠠᠮᠤᠭ ᠤᠨ | ᠬᠡᠷᠡᠭᠴᠡᠭᠡ ᠲᠠᠢ ᠭᠠᠵᠠᠷ ᠲᠤ ᠬᠦᠷᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢᠶᠤᠶ᠋ᠢᠲ᠋ᠧ ᠪᠠᠭ᠎ᠠ ᠰᠤᠷᠭᠠᠭᠤᠯᠢ ᠪᠣᠯ ᠬᠢᠯᠢ ᠶᠢᠨ ᠱᠤᠭᠤᠮ ᠠᠴᠠ 47 ᠺᠢᠯᠤᠮᠧᠲᠷ ᠵᠠᠶᠢᠲᠠᠢ᠂ ᠭᠤᠣᠯᠳᠠᠭᠤ ᠭᠢᠷᠭᠢᠰ | ᠦᠨᠳᠦᠰᠦᠲᠡᠨ ᠤ ᠰᠤᠷᠤᠬᠴᠢᠳ ᠢᠶᠠᠷ ᠪᠦᠷᠢᠯᠳᠦᠭᠰᠡᠨ ᠲᠣᠰᠬᠤᠨ ᠤ ᠲᠠᠰ ᠤᠨ ᠪᠠᠭ᠎ᠠ ᠰᠤᠷᠭᠠᠭᠤᠯᠢ ᠪᠠᠶᠢᠵᠤ᠂ 2022 | ᠣᠨ ᠤ 8 ᠰᠠᠷ᠎ᠠ ᠳᠤ ᠺᠢᠽᠢᠯᠰᠦ᠋ ᠵᠧᠦ ᠶᠢᠨ ᠠᠩᠬᠠᠳᠠᠭᠴᠢ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ | ᠳᠤᠷᠠᠴᠤᠳ ᠠᠴᠠ ᠰᠤᠷᠭᠠᠭᠤᠯᠢ ᠶᠢ ᠳᠠᠭᠠᠭᠠᠴᠢᠯᠠᠨ ᠰᠤᠷᠭᠠᠨ ᠬᠥᠮᠦᠵᠢᠯ ᠢ ᠳᠡᠮᠵᠢᠬᠦ ᠲᠤᠷᠰᠢᠯᠲᠠ ᠶᠢᠨ ᠰᠤᠷᠭᠠᠭᠤᠯᠢ ᠪᠣᠯᠵᠠᠢ᠃ | ᠣᠶᠢᠷ᠎ᠠ ᠳᠤ᠂ ᠰᠢᠶᠤᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ | ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠤᠨ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠶᠡᠷᠦᠩᠬᠡᠢ | ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠭᠰᠡᠨ ᠪᠠᠶᠢᠳᠠᠯ | ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠪᠠᠷᠠᠭᠤᠨ ᠣᠷᠣᠨ ᠳᠤ ᠦᠨᠳᠦᠰᠦᠯᠡᠵᠦ᠂ ᠬᠢᠯᠢ ᠬᠢᠵᠠᠭᠠᠷ ᠣᠷᠣᠨ ᠳᠤ | ᠦᠢᠯᠡᠴᠢᠯᠡᠬᠦ ᠵᠣᠷᠢᠭ ᠢᠶᠠᠨ ᠢᠯᠡᠳᠬᠡᠵᠡᠢ᠃ | | | |