ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 4 ᠤ ᠴᠠᠭᠢᠯᠭᠠᠨ ᠮᠡᠳᠡᠭᠡ 5 ᠰᠠᠷ᠎ᠠ ᠶᠢᠨ 4 ᠤ 16 ᠴᠠᠭ | 40 ᠮᠢᠨᠦ᠋ᠲ ᠤᠨ ᠦᠶ᠎ᠡ ᠪᠠᠷ ᠭᠦᠢᠵᠧᠦ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ ᠰᠢᠨ ᠷᠧᠨ ᠰᠢᠶᠠᠩ ᠤᠨ | ᠬᠤᠸᠠ ᠦ᠋ ᠲᠣᠰᠬᠤᠨ ᠤ ᠵᠠᠭᠤᠨ ᠭᠠᠵᠠᠷ ᠤᠨ ᠵᠢᠷᠤᠭᠲᠤ ᠬᠤᠩᠭᠢᠯ ᠤᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ | ᠣᠩᠭᠤᠴᠠ ᠬᠥᠷᠪᠡᠭᠰᠡᠨ ᠠᠳᠡᠯ ᠭᠠᠷᠴᠠᠢ᠃ ᠣᠳᠣᠬᠠᠨ ᠪᠤᠯᠲᠠᠯ᠎ᠠ᠂ ᠠᠳᠡᠯ ᠳᠤ 3 ᠬᠥᠮᠥᠨ ᠠᠳᠡᠵᠦ᠂ 60 ᠬᠥᠮᠥᠨ ᠢ | ᠡᠮᠨᠡᠯᠭᠡ ᠳᠤ ᠬᠦᠷᠭᠡᠨ ᠠᠪᠤᠷᠠᠨ ᠡᠮᠨᠡᠵᠦ᠂ 14 ᠬᠥᠮᠥᠨ ᠢ ᠶᠠᠭ ᠡᠷᠢᠨ ᠠᠪᠤᠷᠠᠵᠤ ᠪᠠᠶᠢᠨ᠎ᠠ᠃ | ᠠᠳᠡᠯ ᠡᠭᠦᠰᠦᠭᠰᠡᠨ ᠤ ᠳᠠᠷᠠᠭ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠭᠦᠢᠵᠧᠦ ᠶᠢᠨ ᠪᠢ ᠵᠢᠶᠧ ᠬᠤᠳᠠ ᠶᠢᠨ | ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ ᠭᠠᠷᠪᠠ᠂ | ᠠᠷᠭ᠎ᠠ ᠪᠦᠭᠦᠨ ᠢ ᠰᠦᠪᠡᠭᠴᠢᠯᠡᠨ ᠤᠰᠤᠨ ᠳᠤ ᠤᠨᠠᠭᠰᠠᠨ ᠬᠥᠮᠥᠰ ᠢ ᠡᠷᠢᠨ ᠠᠪᠤᠷᠠᠵᠤ᠂ ᠪᠦᠭᠦ ᠬᠦᠴᠦᠨ ᠢᠶᠠᠷ ᠢᠶᠠᠨ | ᠰᠢᠷᠬᠠᠲᠤᠭᠰᠠᠳ ᠢ ᠠᠪᠤᠷᠠᠨ ᠡᠮᠨᠡᠵᠦ᠂ ᠠᠳᠡᠭᠰᠡᠳ ᠤᠨ ᠬᠤᠶᠢᠲᠤᠬᠢ ᠶᠠᠪᠤᠳᠠᠯ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ | ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠵᠠᠯᠭᠠᠭ᠎ᠠ ᠪᠠᠷ ᠠᠮᠤᠷ ᠲᠦᠪᠰᠢᠨ ᠤ ᠠᠳᠡᠯ | ᠭᠠᠷᠴᠤ ᠤᠯᠠᠨ ᠬᠥᠮᠥᠨ ᠦᠬᠦᠵᠦ ᠰᠢᠷᠬᠠᠲᠤᠪᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠭᠦᠨᠵᠡᠭᠡᠢ ᠰᠤᠷᠭᠠᠮᠵᠢ ᠠᠪᠴᠤ᠂ ᠠᠯᠮᠠᠶᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠣᠮᠣ | ᠭᠡᠯᠪᠡᠷᠢ ᠶᠢᠨ ᠤᠯᠠᠨ ᠨᠡᠶᠢᠲᠡ ᠶᠢᠨ ᠲᠠᠯᠠᠪᠤᠷ᠂ ᠰᠠᠭᠤᠭᠠᠯᠢ ᠠᠷᠠᠳ ᠤᠨ ᠲᠣᠭᠤᠷᠢᠭ᠂ ᠡᠷᠭᠢᠵᠦ ᠬᠠᠷᠢᠬᠤ ᠵᠠᠮ ᠬᠠᠷᠢᠯᠴᠠᠭ᠎ᠠ | ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠤᠯᠠᠨ ᠡᠭᠦᠰᠬᠦ | ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ | ᠬᠠᠷᠢᠯᠴᠠᠭ᠎ᠠ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ᠂ ᠰᠢᠷᠬᠠᠲᠤᠭᠰᠠᠳ ᠢ ᠠᠪᠤᠷᠠᠨ ᠡᠮᠨᠡᠵᠦ᠂ | ᠭᠡᠷ ᠪᠦᠯᠢ ᠶᠢᠨ ᠬᠢᠨ ᠢ ᠲᠣᠬᠤᠨᠢᠭᠤᠯᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠪᠠ ᠠᠳᠡᠯ ᠢ ᠪᠠᠶᠢᠴᠠᠭᠠᠨ ᠰᠢᠢᠳᠪᠦᠷᠢᠯᠡᠬᠦ | ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ︽5 · 1︾ ᠤ ᠠᠮᠠᠷᠠᠯᠲᠠ ᠰᠢᠪᠲᠤᠷᠠᠭᠠᠨ ᠳᠠᠭᠠᠨ ᠣᠷᠣᠵᠠᠢ᠂ ᠡᠯ᠎ᠡ | ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠤᠯᠠᠮ | ᠨᠢᠭᠡ ᠠᠯᠬᠤᠮ ᠱᠠᠯᠠᠪᠳᠠᠭᠤᠯᠤᠨ ᠵᠢᠯᠤᠭᠤᠳᠴᠤ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢ ᠲᠣᠪᠤᠶᠢᠯᠭᠠᠨ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠨ᠂ | ᠡᠯ᠎ᠡ ᠲᠦᠷᠦᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ | ᠵᠢᠭᠠᠨ ᠵᠢᠯᠣᠭᠤᠳᠪᠠ᠃ ᠭᠦᠢᠵᠧᠦ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ | ᠨᠥᠬᠦᠳ ᠨᠢᠭᠡᠨᠲᠡ ᠲᠤᠬᠠᠢ ᠶᠢᠨ ᠲᠠᠯᠠᠪᠠᠢ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠤᠭᠤᠳᠴᠤ᠂ | ᠭᠦᠢᠵᠧᠦ ᠮᠤᠵᠢ᠂ ᠪᠢ ᠵᠢᠶᠧ ᠬᠤᠳᠠ ᠶᠢᠨ ᠬᠢᠨ ᠲᠤᠬᠠᠢ ᠶᠢᠨ ᠲᠠᠯᠠᠪᠠᠢ ᠳᠤ ᠡᠷᠢᠵᠦ ᠠᠪᠤᠷᠠᠬᠤ᠂ ᠰᠢᠷᠬᠠᠲᠤᠭᠰᠠᠳ ᠢ ᠠᠪᠤᠷᠠᠨ | ᠡᠮᠨᠡᠬᠦ ᠵᠡᠷᠭᠡ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠪᠠᠶᠢᠨ᠎ᠠ᠃ ᠣᠳᠣᠬᠠᠨ ᠳᠤ ᠬᠤᠯᠪᠣᠭᠳᠠᠯ ᠪᠦᠬᠦᠢ ᠠᠵᠢᠯ | ᠶᠠᠭ ᠶᠠᠪᠤᠭᠳᠠᠵᠤ ᠪᠤᠢ᠃ | | | | | | | | |