ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠲᠥᠷᠥ ᠶᠢᠨ ᠪᠣᠳᠣᠯᠭ᠎ᠠ ᠶᠢᠨ | ᠬᠢᠷᠢ ᠬᠡᠮᠵᠢᠶ᠎ᠡ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠨᠠᠶᠢᠲᠠᠪᠦᠷᠢᠵᠢᠭᠤᠯᠬᠤ ᠶᠢ | ᠪᠠᠲᠤᠯᠠᠬᠤ ᠶᠢᠨ ᠲᠤᠰᠠᠳᠠ᠂ ᠤᠶᠢᠷ᠎ᠠ ᠶᠢᠨ ᠡᠳᠦᠷ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠭᠠᠷᠳᠠᠨ ᠬᠢᠬᠦ ᠦᠢᠯᠡᠴᠢᠯᠡᠭᠡᠨ ᠤ ᠰᠢᠨ᠎ᠡ ᠰᠢᠰᠲ᠋ᠧᠮ ᠤᠨ | ᠲᠤᠬᠠᠶᠢᠯᠠᠭᠰᠠᠨ ᠠᠵᠢᠯ ᠤᠨ ᠪᠣᠯᠪᠠᠰᠣᠷᠠᠯ ᠢ ᠥᠷᠨᠢᠭᠦᠯᠵᠦ᠂ ᠶᠢᠨ ᠬᠠᠢ ᠨᠡᠶᠢᠭᠡᠮ ᠲᠣᠭᠤᠷᠢᠭ ᠤᠨ ᠪᠦᠬᠦ ᠠᠪᠤᠷᠠᠨ | ᠲᠤᠰᠠᠯᠠᠬᠤ ᠲᠤᠰᠠᠯᠠᠭᠴᠢ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠲᠤᠬᠠᠶᠢᠯᠠᠭᠰᠠᠨ ᠠᠵᠢᠯ ᠤᠨ ᠠᠵᠢᠯᠲᠠᠳ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢ ᠨᠠᠷᠢᠨ ᠨᠢᠮᠪᠠᠶ ᠵᠣᠬᠢᠶᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ | ᠬᠥᠮᠦᠨ ᠠᠮᠠ᠂ ᠬᠠᠲᠠᠭᠤ ᠵᠠᠷᠤᠯᠭ᠎ᠠ ᠪᠠᠷ ᠬᠦᠴᠢᠷᠳᠡᠯᠲᠡᠶ ᠬᠥᠮᠦᠨ ᠠᠮᠠ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠬᠦ ᠡᠲᠡᠭᠡᠳ᠂ ᠪᠤᠰᠤᠳ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠲᠥᠷᠥ ᠶᠢᠨ ᠪᠣᠳᠣᠯᠭ᠎ᠠ ᠵᠡᠷᠭᠡ | ᠵᠢᠷᠭᠤᠭᠠᠨ ᠶᠡᠭᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ | ᠰᠢᠰᠲ᠋ᠧᠮ ᠲᠠᠢ ᠲᠠᠶᠢᠯᠤᠮᠵᠢ ᠬᠢᠵᠦ᠂ ᠪᠣᠯᠪᠠᠰᠤᠷᠠᠭᠤᠯᠤᠯ ᠤᠨ ᠠᠭᠤᠯᠭ᠎ᠠ ᠳᠤ ᠲᠥᠷᠥ ᠶᠢᠨ ᠪᠣᠳᠣᠯᠭ᠎ᠠ ᠶᠢᠨ | ᠦᠨᠳᠦᠰᠦᠯᠡᠯ᠂ ᠭᠤᠶᠤᠴᠢᠯᠠᠬᠤ ᠨᠥᠬᠦᠴᠡᠯ᠂ ᠬᠢᠨᠠᠨ ᠬᠠᠷᠭᠤᠭᠤᠯᠵᠤ ᠨᠤᠲᠠᠯᠠᠬᠤ ᠴᠤᠪᠤᠷᠠᠯ᠂ ᠪᠠᠲᠤᠯᠠᠭ᠎ᠠ ᠶᠢᠨ ᠪᠠᠷᠢᠮᠵᠢᠶ᠎ᠠ | ᠵᠢᠴᠢ ᠬᠥᠳᠡᠯᠦᠩᠭᠦᠶ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠬᠠᠮᠤᠷᠤᠭᠰᠠᠨ ᠪᠥᠭᠡᠳ ᠪᠣᠳᠠᠲᠠᠶ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠪᠣᠳᠠᠲᠠᠶ ᠠᠵᠢᠯᠯᠠᠬᠤ ᠶᠠᠪᠤᠴᠠ ᠳᠤ ᠪᠠᠶᠢᠩᠭᠤ ᠲᠣᠬᠢᠶᠠᠯᠳᠤᠬᠤ | ᠠᠰᠠᠭᠤᠳᠠᠯ ᠢ ᠭᠦᠨᠵᠡᠭᠡᠶ ᠵᠠᠳᠠᠯᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠰᠣᠨᠣᠰᠴᠤ ᠣᠶᠢᠯᠠᠭᠠᠬᠤ᠂ ᠰᠤᠷᠴᠤ | ᠴᠢᠳᠠᠬᠤ᠂ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠪᠠ᠃ ᠰᠢᠨ᠎ᠡ ᠰᠢᠰᠲ᠋ᠧᠮ ᠤᠨ ᠬᠡᠷᠡᠭᠯᠡᠯᠲᠡ ᠨᠢ ᠨᠡᠶᠢᠭᠡᠮ ᠤᠨ | ᠠᠪᠤᠷᠠᠨ ᠲᠤᠰᠠᠯᠠᠬᠤ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠰᠠᠭᠤᠭᠠᠯᠢ ᠠᠷᠠᠳ ᠣᠯᠠᠨ ᠳᠤ | ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠳᠣᠲᠣᠨᠣ ᠦᠢᠯᠡᠴᠢᠯᠡᠭᠡ ᠶᠢ ᠪᠣᠶ ᠪᠣᠯᠭᠠᠵᠤ ᠥᠭᠬᠦ ᠪᠣᠯᠤᠨ᠎ᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢ | ᠭᠠᠷᠲᠠᠨ ᠭᠦᠢᠴᠡᠳᠬᠡᠬᠦ ᠠᠵᠢᠯᠲᠠᠨ ᠤ ᠬᠠᠷᠢᠭᠤᠴᠠᠯᠭᠠᠲᠤ ᠤᠬᠠᠮᠰᠠᠷ ᠪᠠ ᠦᠢᠯᠡᠴᠢᠯᠡᠭᠡᠨ ᠤ ᠴᠢᠳᠠᠪᠤᠷᠢ ᠶᠢ ᠤᠯᠠᠮ | ᠨᠢᠭᠡ ᠠᠯᠬᠤᠮ ᠴᠢᠩᠭᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠣᠨᠣᠪᠴᠢᠲᠠᠶ | ᠨᠠᠶᠢᠳᠠᠪᠤᠷᠢᠵᠢᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠳᠤ ᠪᠠᠲᠤ | ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠶᠢᠨ ᠬᠠᠶ ᠨᠡᠶᠢᠭᠡᠮ ᠲᠣᠭᠤᠷᠢᠭ ᠤᠨ ᠬᠢᠨ | ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠰᠦᠯᠵᠢᠶᠡᠨ ᠤ ᠰᠦᠷᠦᠭᠵᠢᠯ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠰᠦᠯᠵᠢᠶᠡᠨ ᠳᠡᠭᠡᠷᠡᠬᠢ | ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠤᠬᠠᠭᠤᠯᠭ᠎ᠠ ᠶᠢᠨ ᠠᠷᠭ᠎ᠠ ᠮᠠᠶ᠋ᠢᠭ ᠢ ᠭᠦᠢᠴᠡᠳ | ᠠᠰᠢᠭᠯᠠᠨ᠂ ᠬᠦᠴᠢᠷᠳᠡᠯᠲᠡᠶ ᠣᠯᠠᠨ ᠲᠦᠮᠡᠨ ᠳᠤ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ᠂ ᠭᠦᠨ ᠳᠠᠪᠬᠤᠷᠭ᠎ᠠ ᠠᠴᠠ ᠥᠷᠭᠡᠨ ᠢᠶᠠᠷ ᠤᠬᠠᠭᠤᠯᠵᠤ᠂ ᠰᠠᠨᠠᠭᠠᠴᠢᠯᠠᠭ᠎ᠠ ᠠᠴᠠ ᠪᠠᠨ | ᠢᠯᠡᠷᠡᠭᠦᠯᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠴᠠᠭ ᠲᠤᠬᠠᠶ ᠳᠤᠨᠢ ᠣᠷᠣᠭᠤᠯᠵᠤ᠂ ᠰᠠᠭᠤᠭᠠᠯᠢ | ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ | | | | | | | | |