ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠡᠶᠢᠭᠡᠮ ᠲᠣᠭᠤᠷᠢᠭ ᠲᠤ ᠣᠷᠣᠵᠤ    ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/5/8
      ᠨᠡᠶᠢᠭᠡᠮ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠦᠨᠡᠨ ᠬᠦ ᠬᠠᠪᠰᠤᠷᠤᠨ ᠠᠵᠢᠯ ᠣᠯᠭᠤᠯᠲᠠ ᠶᠢ ᠪᠡᠶᠡᠯᠡᠭᠦᠯᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠳᠡᠭᠡᠳᠦ ᠰᠤᠷᠭᠠᠭᠤᠯᠢ ᠳᠤ ᠬᠦᠷᠴᠦ᠂ ᠪᠥᠬᠦ ᠲᠤᠭᠤᠷᠢᠭ ᠤᠨ 150 ᠭᠠᠷᠤᠶ ᠨᠡᠶᠢᠭᠡᠮ ᠲᠣᠭᠤᠷᠢᠭ ᠤᠨ ᠠᠵᠢᠯᠲᠠᠨ ᠳᠤ ︽ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠥᠭᠴᠡᠶ᠂ ᠡᠨᠡ ᠨᠢ ᠮᠥᠨ ᠴᠦ ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠳᠡᠭᠡᠳᠦ ᠰᠤᠷᠭᠠᠭᠤᠯᠢ ᠶᠢᠨ ᠲᠣᠰ ᠵᠢᠯ ᠤᠨ ᠳᠥᠷᠪᠡᠳᠦᠭᠡᠷ ᠬᠤᠭᠤᠴᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠪᠣᠯᠤᠨ᠎ᠠ᠃      ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠴᠢᠨ ᠬᠤᠤ ᠶᠦᠨ ︽ᠲᠦᠷᠦ ᠶᠢᠨ ᠪᠤᠳᠤᠯᠭ᠎ᠠ ᠶᠢᠨ ᠤᠬᠠᠭᠤᠯᠤᠨ ᠲᠠᠶᠢᠯᠪᠤᠷᠢᠯᠠᠭᠴᠢ︾ ᠪᠣᠯᠤᠭᠰᠠᠨ ᠤ ᠬᠤᠪᠢ ᠳᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠠᠵᠢᠯ ᠤᠯᠬᠤ ᠳᠤ ᠬᠦᠴᠢᠷᠳᠡᠯᠲᠡᠢ ᠬᠥᠮᠦᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠮᠠᠭᠠᠳᠯᠠᠨ ᠲᠣᠭᠲᠠᠭᠠᠬᠤ ᠶᠢ ᠭᠤᠶᠤᠴᠢᠯᠠᠬᠤ ᠪᠠ ᠬᠢᠨᠠᠨ ᠬᠠᠷᠭᠤᠭᠤᠯᠬᠤ ᠶᠠᠪᠤᠴᠠ᠂ ᠵᠢᠴᠢ ᠠᠵᠢᠯ ᠤᠯᠬᠤ ᠳᠤ ᠬᠦᠴᠢᠷᠳᠡᠯᠲᠡᠢ ᠬᠥᠮᠦᠰ ᠤᠨ ᠡᠳ᠋ᠯᠡᠵᠦ ᠪᠣᠯᠬᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠪᠣᠯᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠡᠷᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃ ᠠᠵᠢᠯ ᠤᠯᠬᠤ ᠳᠤ ᠬᠦᠴᠢᠷᠲᠡᠶ ᠵᠢᠷᠭᠤᠭᠠᠨ ᠲᠥᠷᠥᠯ ᠤᠨ ᠬᠥᠮᠦᠰ ᠲᠤ ᠭᠤᠤᠯᠳᠠᠯᠭ᠎ᠠ ᠲᠠᠢ ᠨᠠᠷᠢᠨ ᠵᠠᠳᠠᠯᠤᠯᠲᠠ ᠬᠢᠵᠦ᠂ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠪᠡᠯ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠳᠤ ᠭᠤᠶᠤᠴᠢᠯᠠᠯ ᠳᠡᠪᠰᠢᠭᠦᠯᠵᠦ ᠪᠣᠯᠤᠨ᠎ᠠ︔ ᠡᠭᠦᠨ ᠠᠴᠠ ᠭᠠᠳᠠᠨ᠎ᠠ᠂ ᠠᠵᠢᠯ ᠤᠯᠬᠤ ᠳᠤ ᠬᠦᠴᠢᠷᠲᠡᠶ ᠬᠥᠮᠦᠰ ᠲᠤ ᠪᠠᠰᠠ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠥᠪᠬᠢᠨᠡᠭᠦᠯᠬᠦ᠂ ᠠᠵᠤ ᠠᠬᠤᠶᠢᠯᠠᠯ ᠤᠨ ᠰᠢᠩᠭᠡᠭᠡᠨ ᠠᠪᠬᠤ᠂ ᠠᠵᠢᠯ ᠣᠯᠭᠤᠬᠤ ᠪᠣᠯᠪᠠᠰᠤᠷᠠᠭᠤᠯᠤᠯ ᠬᠢᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠦᠷᠲᠡᠵᠦ ᠪᠣᠯᠤᠨ᠎ᠠ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ᠂ ᠲᠠᠶᠢᠯᠪᠤᠷᠢᠯᠠᠯᠲᠠ ᠨᠢ ᠨᠠᠷᠢᠨ ᠨᠢᠮᠪᠠᠶ ᠪᠠᠶᠢᠵᠤ᠂ ᠨᠡᠶᠢᠭᠡᠮ ᠲᠣᠭᠤᠷᠢᠭ ᠤᠨ ᠠᠵᠢᠯᠲᠠᠳ ᠬᠤᠶᠢᠨ᠎ᠠ ᠬᠤᠶᠢᠨ᠎ᠠ ᠠᠴᠠ ᠪᠠᠨ ᠡᠯᠪᠡᠭ ᠬᠤᠷᠢᠶᠠᠯᠲᠠ ᠣᠯᠤᠨ᠎ᠠ ᠭᠡᠵᠦ ᠢᠯᠡᠷᠬᠡᠶᠢᠯᠡᠪᠡ᠃ ᠪᠣᠯᠪᠠᠰᠤᠷᠠᠭᠤᠯᠤᠯ ᠢᠶᠠᠷ ᠳᠡᠮᠵᠢᠨ᠂ ᠲᠡᠳᠡ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠷᠢᠯᠢᠭ ᠤᠨᠤᠪᠴᠢᠲᠠᠢ ᠠᠵᠢᠯ ᠣᠯᠭᠤᠬᠤ ᠦᠢᠯᠡᠴᠢᠯᠡᠭᠡ ᠬᠠᠩᠭᠠᠬᠤ ᠴᠢᠳᠠᠪᠤᠷᠢ ᠪᠠᠨ ᠳᠡᠭᠡᠭᠰᠢᠯᠡᠭᠦᠯᠪᠡ᠃ ᠡᠨᠡ ᠨᠢ ᠴᠢᠩᠱᠠᠨ ᠲᠣᠭᠤᠷᠢᠭ ᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠳᠤ ᠠᠰᠢᠭᠲᠠᠢ ᠶᠤᠮ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号