ᠴᠢᠩᠱᠠᠨ ᠲᠣᠭᠤᠷᠢᠭ ᠤᠨ ᠮᠢᠬᠠᠨ ᠤ ᠲᠥᠷᠥᠯ ᠵᠢᠴᠢ ᠮᠢᠬᠠᠨ ᠤ ᠲᠥᠷᠥᠯ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯ | ᠬᠠᠭᠤᠷᠮᠠᠭ ᠴᠢᠨᠠᠷ ᠮᠠᠭᠤ ᠮᠢᠬᠠᠨ ᠤ ᠪᠦᠲᠦᠭᠡᠭᠳᠡᠬᠦᠨ ᠢ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠮᠢᠬᠠᠨ ᠤ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠬᠦ ᠨᠢᠭᠡᠴᠢ ᠳᠤ ᠲᠤᠰᠬᠠᠶ ᠪᠠᠶᠢᠴᠠᠭᠠᠯᠲᠠ ᠥᠷᠨᠢᠭᠦᠯᠵᠦ᠂ ᠮᠢᠬᠠᠨ ᠤ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ | ᠨᠡᠶᠢᠲᠡ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠪᠠ᠃ | ᠲᠣᠰ ᠤᠳᠠᠭᠠᠨ ᠤ ᠪᠠᠶᠢᠴᠠᠭᠠᠯᠲᠠ ᠳᠤ ᠡᠩ ᠲᠡᠷᠢᠭᠦᠨ ᠳᠤ ᠦᠢᠯᠡᠳᠪᠦᠷᠢᠯᠡᠵᠦ ᠡᠳ᠋ᠰᠢᠭᠦᠯᠬᠦ ᠭᠤᠤᠯ | ᠴᠣᠭᠴᠠ ᠶᠢᠨ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠵᠥᠪᠰᠢᠶᠡᠷᠡᠯ ᠤᠨ | ᠦᠨᠡᠮᠯᠡᠯ ᠵᠡᠷᠭᠡ ᠬᠠᠮᠢᠶ᠎ᠠ ᠪᠥᠬᠦᠶ ᠦᠨᠡᠮᠯᠡᠯ ᠢ ᠨᠠᠷᠢᠨ ᠬᠠᠷᠭᠤᠭᠤᠯᠵᠤ᠂ ᠲᠡᠭᠦᠨ ᠤ ᠡᠵᠡᠩᠨᠡᠯᠲᠡ ᠶᠢᠨ ᠬᠡᠪᠴᠢᠶ᠎ᠡ ᠪᠠ | ᠬᠦᠴᠦᠨ ᠪᠦᠬᠦᠢ ᠴᠢᠨᠠᠷ ᠢ ᠨᠤᠲᠠᠯᠠᠵᠤ᠂ ᠭᠤᠤᠯ ᠴᠣᠭᠴᠠ ᠶᠢᠨ ᠬᠠᠤᠯᠢ ᠲᠣᠭᠲᠠᠭᠠᠯ ᠳᠤ ᠨᠡᠶᠢᠴᠡᠭᠦᠯᠦᠨ | ᠦᠢᠯᠡᠳᠪᠦᠷᠢᠯᠡᠬᠦ ᠶᠢ ᠦᠨᠡᠨ ᠬᠦ ᠪᠠᠲᠤᠯᠠᠬᠤ ᠶᠢᠨ ᠬᠠᠮᠲᠤ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ | ᠦᠨᠡᠮᠯᠡᠯ ᠲᠠᠢ ᠪᠠᠶᠢᠬᠤ ᠡᠰᠡᠬᠦ᠂ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠭᠰᠠᠨ ᠥᠬᠡᠶ ᠪᠤᠶᠤ ᠰᠢᠯᠭᠠᠨ ᠪᠠᠶᠢᠴᠠᠭᠠᠵᠤ | ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠦᠢᠯᠡᠳᠬᠦᠨ ᠢ ᠬᠡᠷᠡᠭᠯᠡᠭᠰᠡᠨ ᠡᠰᠡᠬᠦ ᠵᠡᠷᠭᠡ ᠶᠢ | ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠬᠠᠳᠠᠭᠠᠯᠠᠬᠤ ᠨᠥᠬᠦᠴᠡᠯ ᠨᠢ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ᠂ | ᠬᠦᠯᠳᠡᠭᠡᠨ ᠬᠠᠳᠠᠭᠠᠯᠠᠬᠤ ᠮᠢᠬᠠᠨ ᠤ ᠵᠦᠢᠯ ᠢ ᠬᠠᠳᠠᠭᠠᠯᠠᠬᠤ ᠳᠤᠯᠠᠭᠠᠨ ᠤ ᠬᠡᠮᠵᠢᠶ᠎ᠡ ᠶᠢ ᠪᠣᠳᠠᠲᠠᠶᠢᠵᠢᠭᠤᠯᠤᠭᠰᠠᠨ | ᠡᠰᠡᠬᠦ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠦᠢᠯᠡᠳᠬᠦᠨ ᠤ ᠪᠠᠷᠢᠮᠵᠢᠶ᠎ᠠ ᠶᠢ ᠴᠢᠩᠭ᠎ᠠ ᠵᠢᠷᠤᠮᠯᠠᠨ | ᠦᠢᠯᠡᠳᠪᠦᠷᠢᠯᠡᠬᠦ ᠶᠢ ᠵᠣᠬᠢᠶᠠᠨ ᠪᠠᠶᠢᠭᠤᠯᠤᠭᠰᠠᠨ ᠡᠰᠡᠬᠦ᠂ ᠲᠣᠰ ᠠᠵᠤ ᠠᠬᠤᠶᠢᠯᠠᠯ ᠤᠨ ᠡᠬᠡ ᠲᠠᠩᠰᠠ ᠶᠢᠨ ᠲᠡᠮᠳᠡᠭᠯᠡᠯ᠂ | ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠭᠡᠷᠡᠴᠢ᠂ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ ᠵᠡᠷᠭᠡ ᠭᠤᠭᠴᠤᠭ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠤᠭᠰᠠᠨ ᠡᠰᠡᠬᠦ ᠶᠢ | ᠪᠠᠶᠢᠴᠠᠭᠠᠨ ᠦᠵᠡᠪᠡ᠃ | ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 58 ᠬᠥᠮᠦᠨ ᠤᠳᠠᠭ᠎ᠠ ᠬᠥᠳᠡᠯᠭᠡᠵᠦ᠂ | ᠮᠢᠬᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ 5᠂ ᠮᠢᠬᠠᠨ ᠢᠳᠡᠭᠡᠨ ᠡᠳ᠋ᠰᠢᠭᠦᠯᠬᠦ ᠵᠢᠵᠢᠭ ᠦᠢᠯᠡᠳᠭᠡᠯ ᠤᠨ | ᠭᠠᠵᠠᠷ 21 ᠪᠣᠶ᠃ ᠲᠣᠰ ᠤᠳᠠᠭᠠᠨ ᠤ ᠪᠠᠶᠢᠴᠠᠭᠠᠯᠲᠠ ᠨᠢ ᠬᠠᠷᠢᠶ᠎ᠠ ᠣᠷᠣᠨ ᠤ ᠪᠠᠨ ᠮᠢᠬᠠᠨ ᠤ ᠢᠳᠡᠭᠡᠨ ᠤ | ᠦᠢᠯᠡᠳᠪᠦᠷᠢᠯᠡᠯ ᠤᠨ ᠭᠤᠤᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠪᠦᠲᠦᠮᠵᠢᠲᠡᠶ | ᠵᠢᠷᠤᠮᠵᠢᠭᠤᠯᠵᠤ᠂ ᠦᠢᠯᠡᠳᠪᠦᠷᠢᠯᠡᠵᠦ ᠡᠳ᠋ᠰᠢᠭᠦᠯᠬᠦ ᠭᠤᠤᠯ ᠴᠣᠭᠴᠠ ᠶᠢᠨ ᠢᠳᠡᠭᠡᠨ ᠤ ᠠᠮᠤᠷ ᠲᠦᠪᠰᠢᠨ ᠤ ᠦᠵᠡᠯ | ᠤᠬᠠᠮᠰᠠᠷ ᠪᠣᠯᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠪᠡ᠃ ᠲᠠᠷᠠᠭᠠᠴᠢ ᠶᠢᠨ | ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ | ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠬᠡᠷᠡᠭᠯᠡᠭᠴᠢᠳ ᠲᠤ ᠠᠮᠤᠷ | ᠲᠦᠪᠰᠢᠨ᠂ ᠰᠠᠨᠠᠭ᠎ᠠ ᠠᠮᠤᠷ ᠮᠢᠬᠠᠨ ᠢᠳᠡᠭᠡᠨ ᠬᠠᠩᠭᠠᠬᠤ ᠪᠣᠯᠤᠨ᠎ᠠ᠃ | | | | | | | | |