ᠴᠢᠩᠱᠠᠨ ᠲᠣᠭᠤᠷᠢᠭ ᠳᠡᠭᠡᠲᠦ ᠰᠤᠷᠭᠠᠭᠤᠯᠢ ᠶᠢᠨ ᠰᠢᠯᠭᠠᠯᠲᠠ ᠶᠢᠨ ᠪᠠᠲᠤᠯᠠᠭ᠎ᠠ ᠶᠢᠨ ᠠᠵᠢᠯ ᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠴᠦ ᠪᠤᠢ
ᠨᠡᠶᠢᠲᠡᠯᠡᠭᠰᠡᠨ ᠴᠠᠭ᠄
2025/6/3
      ᠴᠢᠩᠱᠠᠨ ᠲᠣᠭᠤᠷᠢᠭ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠦᠷ ᠬᠢᠨ᠎ᠡ᠃ ᠨᠢᠭᠡ ᠳᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠬᠢᠨ᠎ᠠ᠃ 5 ᠰᠠᠷ᠎ᠠ ᠶᠢᠨ 28᠎ ᠤ ᠡᠳᠦᠷ ᠲᠣᠭᠤᠷᠢᠭ ᠤᠨ ᠰᠣᠷᠣᠭᠴᠢ ᠡᠯᠰᠡᠬᠦ ᠵᠥᠪᠯᠡᠯ ᠤᠨ ᠪᠦᠷᠢᠯᠳᠦᠬᠦᠨ ᠨᠢᠭᠡᠴᠢ ᠶᠢᠨ ᠠᠵᠢᠯ ᠢ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠴᠢᠩᠭ᠎ᠠ ᠨᠢᠮᠪᠠᠶ ᠰᠠᠶᠢᠲᠤᠷ ᠬᠢᠵᠦ᠂ ᠡᠯ᠎ᠡ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠵᠢᠴᠢ ᠰᠢᠯᠭᠠᠯᠲᠠ ᠶᠢᠨ ᠲᠠᠯᠠᠪᠠᠶ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠴᠠᠬᠢᠯᠭᠠᠨ ᠬᠠᠩᠭᠠᠬᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠨᠠᠷᠢᠨ ᠨᠢᠮᠪᠠᠶ ᠪᠠᠶᠢᠴᠠᠭᠠᠯᠲᠠ ᠬᠢᠵᠦ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠰᠢᠯᠭᠠᠭᠤᠯᠤᠭᠴᠢ ᠶᠢᠨ  ᠳᠡᠭᠡᠳᠦ ᠰᠤᠷᠭᠠᠭᠤᠯᠢ ᠳᠤ ᠰᠢᠯᠭᠠᠭᠤᠯᠬᠤ ᠠᠴᠠ ᠡᠮᠦᠨ᠎ᠡ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠡᠷᠡᠭᠦᠯ ᠰᠠᠷᠠᠭᠤᠯ ᠢᠳᠡᠭᠡᠨ ᠤᠮᠳᠠᠭᠠᠨ ᠢ ᠬᠥᠲᠥᠯᠦᠨ ᠵᠢᠯᠣᠭᠤᠳᠴᠤ᠂ ᠰᠢᠯᠭᠠᠭᠤᠯᠤᠭᠴᠢ ᠳᠤ ᠡᠶ᠎ᠡ ᠵᠣᠬᠢᠴᠠᠯ ᠲᠠᠢ᠂ ᠠᠭᠤᠵᠢᠭᠤ ᠲᠠᠯᠪᠢᠭᠤ ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠥᠷᠭᠡᠨ ᠣᠯᠠᠨ ᠰᠢᠯᠭᠠᠭᠤᠯᠤᠭᠴᠢ ᠳᠤ ᠨᠢᠭᠡᠨ ᠰᠡᠳᠬᠢᠯ ᠪᠠᠶᠠᠰᠬᠤᠯᠠᠩ ᠪᠦᠬᠦᠢ ᠰᠢᠯᠭᠠᠯᠲᠠ ᠶᠢᠨ ᠣᠷᠴᠢᠨ ᠲᠣᠭᠤᠷᠢᠨ ᠪᠠ ᠠᠭᠤᠷ ᠠᠮᠢᠰᠬᠤᠯ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠶᠠᠷ ᠲᠤ᠂ ᠨᠢᠭᠲᠠ ᠴᠢᠩᠭ᠎ᠠ ᠪᠠᠶᠢᠷᠢᠯᠠᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢ ᠲᠥᠪ ᠴᠢᠩᠭ᠎ᠠ ᠪᠤᠯᠭᠠᠨ᠎ᠠ᠃ ᠮᠠᠨ ᠤ ᠲᠤᠭᠤᠷᠢᠭ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠠᠪᠤᠳᠠᠯ ᠤᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ 2025 ᠣᠨ ᠤ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢ ᠰᠣᠩᠭᠤᠨ ᠤᠷᠢᠵᠤ ᠰᠢᠯᠭᠠᠯᠲᠠ ᠳᠤ ᠬᠢᠨᠠᠭᠴᠢ ᠠᠵᠢᠯᠲᠠᠨ ᠪᠣᠯᠭᠠᠵᠤ᠂ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠨᠥᠬᠦᠳ ᠢ ᠰᠣᠩᠭᠤᠨ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ ᠤᠨ ᠵᠢᠵᠢᠭᠦᠷᠯᠡᠭᠴᠢ ᠶᠢᠨ ᠲᠤᠰᠢᠶᠠᠯ ᠢ ᠡᠭᠦᠷᠭᠡᠯᠡᠭᠦᠯᠦᠭᠰᠡᠨ ᠪᠥᠭᠡᠳ ᠰᠢᠯᠭᠠᠯᠲᠠ ᠬᠢᠨᠠᠬᠤ ᠠᠵᠢᠯᠲᠠᠨ ᠳᠤ ᠲᠤᠬᠠᠶᠢᠯᠠᠭᠰᠠᠨ ᠠᠵᠢᠯ ᠪᠠ ᠨᠢᠭᠤᠴᠠ ᠶᠢ ᠬᠠᠮᠠᠭᠠᠯᠠᠬᠤ ᠪᠣᠯᠪᠠᠰᠤᠷᠠᠭᠤᠯᠤᠯ ᠬᠢᠵᠦ᠂ ᠢᠯᠠᠩᠭᠤᠶ᠎ᠠ ᠡᠨᠡ ᠵᠢᠯ ᠤᠨ ᠰᠣᠨᠣᠷ ᠤᠨ ᠰᠢᠯᠭᠠᠯᠲᠠ ᠶᠢᠨ ᠬᠢᠷᠢ ᠪᠦᠲᠦᠮᠵᠢ ᠳᠤ ᠴᠢᠭᠯᠡᠭᠦᠯᠦᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶ ᠬᠤᠪᠢ ᠳᠤ ᠳᠠᠬᠢᠨᠲᠠ ᠪᠤᠳᠤᠵᠤ ᠣᠷᠣᠭᠤᠯᠬᠤ ᠠᠵᠢᠯ ᠳᠤ ᠨᠠᠷᠢᠨ ᠨᠢᠮᠪᠠᠶ ᠪᠠᠶᠢᠷᠢᠯᠠᠭᠤᠯᠤᠯᠲᠠ ᠬᠢᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠪᠠ᠃ ᠭᠤᠷᠪᠠ ᠳᠤ᠂ ᠨᠢᠭᠤᠴᠠ ᠶᠢ ᠬᠠᠮᠠᠭᠠᠯᠠᠬᠤ ᠲᠠᠰᠤᠭ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠥᠨᠳᠥᠷ ᠪᠠᠷᠢᠮᠵᠢᠶ᠎ᠠ ᠪᠠᠷ ᠴᠢᠩᠭᠠᠳᠬᠠᠨ᠎ᠠ᠃ ᠲᠣᠭᠤᠷᠢᠭ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ ᠪᠥᠬᠦ ᠰᠢᠯᠭᠠᠯᠲᠠ ᠶᠢᠨ ᠠᠵᠢᠯᠲᠠᠨ ᠲᠠᠢ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠣᠭᠲᠠᠵᠤ᠂ ᠳᠣᠲᠣᠭᠠᠳᠤ ᠶᠢ ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠠᠯᠠᠨ ᠪᠠᠶᠢᠴᠠᠭᠠᠬᠤ ᠲᠦᠷᠢᠮ ᠢ ᠪᠠᠶᠢᠭᠤᠯᠪᠠ᠃ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ ᠢ 24 ᠴᠠᠭ ᠢᠶᠠᠷ ᠬᠢᠨᠠᠨ ᠡᠵᠡᠮᠳᠡᠵᠦ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠮᠠᠨ ᠤ ᠲᠤᠭᠤᠷᠢᠭ ᠤᠨ2025 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠳᠤ ᠠᠯᠳᠠᠭ᠎ᠠ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠲᠦᠷᠪᠡ ᠳᠤ᠂ ᠰᠢᠯᠭᠠᠯᠲᠠ ᠠᠴᠠ ᠡᠮᠦᠨᠡᠬᠢ ᠪᠠᠶᠢᠴᠠᠭᠠᠯᠲᠠ ᠶᠢ ᠴᠢᠩᠭᠠᠳᠬᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠴᠠᠬᠢᠯᠭᠠᠨ ᠬᠠᠩᠭᠠᠬᠤ ᠰᠠᠯᠠᠭ᠎ᠠ ᠮᠥᠴᠢᠷ 5 ᠰᠠᠷ᠎ᠠ ᠶᠢᠨ 19᠎ ᠤ ᠡᠳᠦᠷ ᠰᠢᠯᠭᠠᠯᠲᠠ ᠶᠢᠨ ᠲᠥᠪ ᠤᠨ ᠨᠢᠭᠤᠴᠠ ᠶᠢ ᠬᠠᠮᠠᠭᠠᠯᠠᠬᠤ ᠲᠠᠰᠤᠭ ᠤᠨ ᠴᠠᠬᠢᠯᠭᠠᠨ ᠬᠠᠩᠭᠠᠬᠤ ᠰᠢᠰᠲ᠋ᠧᠮ ᠢ ᠪᠦᠬᠦ ᠲᠠᠯ᠎ᠠ ᠪᠠᠷ ᠬᠠᠮᠠᠭᠠᠯᠠᠨ ᠰᠡᠯᠪᠢᠨ ᠵᠠᠰᠠᠵᠤ᠂ ᠡᠯ᠎ᠡ ᠵᠦᠢᠯ ᠤᠨ ᠳᠠᠯᠳᠠ ᠭᠡᠮ ᠢ ᠠᠷᠢᠯᠭᠠᠪᠠ᠃ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ 5 ᠰᠠᠷ᠎ᠠ ᠶᠢᠨ 14᠎ ᠤ ᠡᠳᠦᠷ ᠬᠤᠲᠠ ᠶᠢᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠮᠠᠨ ᠤ ᠲᠤᠭᠤᠷᠢᠭ ᠤᠨ ᠰᠢᠯᠭᠠᠯᠲᠠ ᠶᠢᠨ ᠲᠥᠪ ᠤᠨ ᠨᠢᠭᠤᠴᠠ ᠶᠢ ᠬᠠᠮᠠᠭᠠᠯᠠᠬᠤ ᠲᠠᠰᠤᠭ ᠲᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠲᠣᠭᠤᠷᠢᠭ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ 3 ᠡᠳᠦᠷ ᠤᠨ ᠬᠢᠨᠠᠯᠲᠠ ᠲᠠᠯᠪᠢᠬᠤ ᠰᠢᠯᠭᠠᠯᠲᠠ ᠶᠢᠨ ᠬᠠᠭᠤᠳᠠᠰᠤ ᠶᠢ ᠬᠥᠮᠥᠷᠭᠡ ᠳᠤ ᠣᠷᠣᠭᠤᠯᠬᠤ ᠪᠣᠯᠤᠨ᠎ᠠ᠃ 6 ᠰᠠᠷ᠎ᠠ ᠶᠢᠨ 6᠎ ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠲᠦᠷᠦᠭᠦᠯᠡᠨ ᠰᠣᠷᠣᠭᠴᠢ ᠡᠯᠰᠡᠬᠦ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠵᠤ ᠬᠠᠮᠲᠤᠷᠠᠨ ᠡᠯ᠎ᠡ ᠰᠢᠯᠭᠠᠯᠲᠠ ᠶᠢᠨ ᠴᠡᠭ ᠤᠨ ᠲᠠᠯᠠᠪᠠᠶ ᠳᠤ ᠣᠷᠣᠬᠤ ᠵᠠᠮ᠂ ᠣᠶᠤᠨᠴᠢ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠡᠷᠬᠢᠨ ᠲᠣᠭᠤᠷᠢᠨ ᠤ ᠣᠷᠴᠢᠨ ᠲᠣᠭᠤᠷᠢᠨ ᠵᠢᠴᠢ ᠴᠠᠬᠢᠯᠭᠠᠨ ᠬᠦᠴᠦᠨ ᠪᠠ ᠰᠦᠯᠵᠢᠶᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠪᠠᠶᠢᠴᠠᠭᠠᠵᠤ᠂ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠬᠤ᠂ ᠪᠠᠶᠢᠴᠠᠭᠠᠬᠤ ᠶᠢ ᠪᠣᠳᠠᠲᠠᠶᠢᠵᠢᠭᠤᠯᠬᠤ᠂ ᠬᠡᠷᠡᠭᠵᠢᠭᠦᠯᠬᠦ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号