ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ | ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ | ᠪᠠᠲᠤᠯᠠᠬᠤ ᠶᠢᠨ ᠲᠤᠰᠠᠳᠠ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠶ᠎ᠠ ᠣᠷᠣᠨ ᠤ ᠳᠣᠲᠣᠷ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠤᠯᠢ ᠪᠤᠰᠤ ᠪᠠᠷ | ᠥᠭᠡᠷᠡᠴᠢᠯᠡᠨ ᠤᠭᠰᠠᠷᠠᠵᠤ ᠪᠣᠷᠣᠯᠠᠭᠤᠯᠬᠤ ᠲᠤᠰᠬᠠᠶ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ ᠣᠲᠣᠬᠠᠨ ᠳᠤ ᠪᠠᠶᠢᠴᠠᠭᠠᠬᠤ ᠠᠵᠢᠯ ᠶᠠᠭ ᠡᠮᠭᠢ ᠳᠢᠭᠯᠢᠮ ᠲᠠᠢ ᠶᠠᠪᠤᠭᠳᠠᠵᠤ ᠪᠤᠢ᠃ | ᠲᠣᠰ ᠤᠳᠠᠭᠠᠨ ᠤ ᠠᠵᠢᠯᠯᠠᠭ᠎ᠠ ᠳᠤ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ | ᠪᠣᠷᠣᠯᠠᠭᠤᠯᠬᠤ ᠠᠵᠤ ᠠᠬᠤᠶᠢᠯᠠᠯ ᠪᠠ ᠰᠡᠯᠪᠢᠨ ᠵᠠᠰᠠᠬᠤ ᠳᠡᠯᠭᠡᠭᠦᠷ ᠲᠤ ᠭᠤᠤᠯᠳᠠᠯᠭ᠎ᠠ ᠲᠠᠢ ᠪᠠᠷ ᠲᠤᠰᠬᠠᠶ ᠬᠢᠨᠠᠯᠲᠠ | ᠪᠠᠶᠢᠴᠠᠭᠠᠯᠲᠠ ᠬᠢᠵᠦ᠂ ᠤᠤᠯ ᠤᠨ ᠦᠢᠯᠡᠳᠪᠦᠷᠢ ᠶᠢᠨ ᠴᠠᠬᠢᠯᠭᠠᠨ ᠬᠡᠷᠡᠭᠰᠡᠯ ᠤᠨ ᠰᠡᠯᠪᠢᠭ ᠲᠣᠨᠤᠭ ᠢ ᠳᠤᠷ᠎ᠠ ᠪᠠᠷ ᠢᠶᠠᠨ | ᠥᠭᠡᠷᠡᠴᠢᠯᠡᠨ ᠤᠭᠰᠠᠷᠠᠬᠤ᠂ ᠬᠤᠷᠳᠤᠴᠠ ᠶᠢ ᠬᠢᠵᠠᠭᠠᠷᠯᠠᠬᠤ ︵ᠺᠣᠳ᠋ ᠲᠠᠶᠢᠯᠬᠤ ᠬᠤᠷᠳᠤᠴᠠ ᠶᠢ ᠪᠠᠭᠲᠠᠭᠠᠨ᠎ᠠ︶᠂ | ᠭᠠᠳᠠᠭᠰᠢ ᠴᠠᠬᠢᠯᠭᠠᠨ ᠬᠤᠷᠢᠶᠠᠭᠤᠷ ᠤᠨ ᠲᠠᠯᠪᠢᠭᠤᠷ ᠲᠠᠯᠪᠢᠬᠤ᠂ ᠴᠠᠬᠢᠯᠭᠠᠨ ᠬᠤᠷᠢᠶᠠᠭᠤᠷ ᠤᠨ ᠣᠩᠭᠤᠴᠠᠨ ᠤ | ᠬᠠᠶᠢᠷᠴᠠᠭ ᠢ ᠥᠭᠡᠷᠡᠴᠢᠯᠡᠬᠦ᠂ ᠶᠡᠭᠡ ᠪᠠᠭᠲᠠᠭᠠᠮᠵᠢᠲᠤ ᠴᠠᠬᠢᠯᠭᠠᠨ ᠬᠤᠷᠢᠶᠠᠭᠤᠷ ᠢ ᠰᠣᠯᠢᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠴᠡᠭᠴᠡᠯᠡᠨ ᠵᠠᠰᠠᠨ᠎ᠠ᠃ | ᠣᠳᠣᠬᠠᠨ ᠳᠤ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 42 ᠬᠥᠮᠦᠨ ᠤᠳᠠᠭ᠎ᠠ ᠤᠷᠤᠯᠴᠠᠵᠦ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠳᠡᠯᠭᠡᠭᠦᠷ 28 ᠶᠢ ᠪᠠᠶᠢᠴᠠᠭᠠᠵᠤ᠂ ᠲᠤᠬᠠᠶ ᠶᠢᠨ ᠲᠠᠯᠠᠪᠤᠷ ᠲᠤ 3 | ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠵᠤ᠂ ᠤᠳᠤᠬᠠᠨ ᠳᠤ ᠬᠠᠤᠯᠢ ᠪᠤᠰᠤ ᠪᠠᠷ | ᠥᠭᠡᠷᠡᠴᠢᠯᠡᠨ ᠤᠭᠰᠠᠷᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠦᠭᠡᠢ᠃ | ᠬᠠᠤᠯᠢ ᠬᠡᠷᠡᠭᠵᠢᠭᠦᠯᠬᠦ ᠠᠵᠢᠯᠲᠠᠨ ︽ᠪᠠᠶᠢᠴᠠᠭᠠᠬᠤ᠂ ᠤᠬᠠᠭᠤᠯᠬᠤ᠂ ᠵᠢᠷᠤᠮᠵᠢᠭᠤᠯᠬᠤ︾ ᠠᠷᠭ᠎ᠠ ᠮᠠᠶ᠋ᠢᠭ ᠢ | ᠠᠪᠴᠤ᠂ ᠡᠵᠡᠩᠨᠡᠭᠴᠢᠳ ᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠪᠣᠷᠣᠯᠠᠭᠤᠯᠬᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠯᠤᠰ ᠤᠨ ᠪᠠᠷᠢᠮᠵᠢᠶ᠎ᠠ ᠳᠤ | ᠨᠡᠶᠢᠴᠡᠬᠦ ᠶᠢ ᠦᠨᠡᠨᠬᠦ ᠪᠠᠲᠤᠯᠠᠵᠤ᠂ ᠡᠵᠡᠩᠨᠡᠭᠴᠢ ᠳᠤ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ | ᠲᠦᠪᠰᠢᠨ ᠤ ᠮᠡᠷᠭᠡᠵᠢᠯ ᠤᠨ ᠵᠢᠷᠤᠮᠵᠢᠯ︾ ᠵᠡᠷᠭᠡ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠪᠠᠷᠠᠭ᠎ᠠ | ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠵᠢᠯᠣᠭᠤᠳᠤᠨ ᠪᠠᠶᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠶ | ᠵᠠᠳᠠᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠠᠰᠢᠭᠯᠠᠨ ᠰᠡᠷᠡᠮᠵᠢᠯᠡᠭᠦᠯᠬᠦ ᠤᠬᠠᠭᠤᠯᠭ᠎ᠠ ᠬᠥᠮᠦᠵᠢᠯ ᠢ ᠥᠷᠨᠢᠭᠦᠯᠪᠡ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠨᠢ ᠣᠯᠠᠨ ᠲᠦᠮᠡᠨ ᠤ ᠲᠣᠰ ᠪᠡᠶ᠎ᠡ ᠶᠢᠨ | ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠤᠬᠠᠭᠤᠯᠭ᠎ᠠ ᠬᠥᠮᠦᠵᠢᠯ ᠬᠢᠭᠡᠳ ᠴᠢᠩᠭ᠎ᠠ ᠬᠢᠨᠠᠨ ᠬᠠᠮᠢᠶᠠᠷᠬᠤ | ᠬᠤᠤᠰ ᠠᠷᠭ᠎ᠠ ᠬᠡᠮᠵᠢᠶ᠎ᠡ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ | ᠤᠭᠰᠠᠷᠠᠵᠤ ᠪᠣᠷᠣᠯᠠᠭᠤᠯᠬᠤ ᠲᠤᠰᠬᠠᠶ ᠬᠢᠨᠠᠯᠲᠠ ᠪᠠᠶᠢᠴᠠᠭᠠᠯᠲᠠ ᠶᠢ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠵᠢᠷᠤᠮᠵᠢᠭᠤᠯᠤᠨ᠎ᠠ᠃ ᠡᠭᠦᠨ ᠤ ᠬᠠᠮᠲᠤ | ᠥᠷᠭᠡᠨ ᠣᠯᠠᠨ ᠬᠡᠷᠡᠭᠯᠡᠭᠴᠢᠳ ᠲᠣᠭᠲᠠᠭᠠᠯ ᠳᠤ ᠨᠡᠶᠢᠴᠡᠬᠦ ᠲᠡᠷᠭᠡ ᠬᠥᠰᠬᠡ ᠬᠤᠳᠠᠯᠳᠤᠨ ᠠᠪᠬᠤ ᠶᠢ ᠤᠷᠢᠶᠠᠯᠠᠵᠤ᠂ | ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠵᠤ᠂ ᠬᠡᠷᠪᠡ ᠬᠠᠵᠠᠭᠤ ᠳᠤᠨᠢ ᠬᠠᠤᠯᠢ ᠪᠤᠰᠤ ᠪᠠᠷ | ᠥᠭᠡᠷᠡᠴᠢᠯᠡᠨ ᠤᠭᠰᠠᠷᠠᠬᠤ᠂ ᠬᠢᠷᠢ ᠲᠡᠩᠴᠡᠬᠦ ᠦᠭᠡᠢ ᠪᠦᠲᠦᠭᠡᠭᠳᠡᠬᠦᠨ ᠢ ᠪᠣᠷᠣᠯᠠᠭᠤᠯᠬᠤ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠪᠠᠯ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠶᠢ | 12315 ᠳᠤ ᠤᠲᠠᠰᠤᠳᠠᠭᠠᠷᠠᠢ᠃ | | | | | | |