ᠴᠢᠩ ᠹᠦ᠋ ᠪᠠᠯᠭᠠᠰᠤ ᠶᠡᠷᠦᠩᠬᠡᠶᠢᠯᠡᠨ ᠵᠠᠰᠠᠬᠤ ᠠᠵᠢᠯ ᠤᠨ ᠳᠥᠷᠪᠡᠳᠦᠭᠡᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/4
      ᠴᠢᠩ ᠹᠦ᠋ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ 5 ᠰᠠᠷ᠎ᠠ ᠶᠢᠨ 29᠎ ᠤ ᠡᠳᠦᠷ᠂ ᠴᠢᠩ ᠹᠦ᠋ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠳᠥᠷᠪᠡᠳᠦᠭᠡᠷ ᠤᠳᠠᠭᠠᠨ ᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶᠠᠨ ᠤ ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭ᠎ᠠ ᠠᠪᠬᠤ ᠥᠷᠲᠡᠭᠡ ᠶᠢᠨ ᠳᠠᠷᠤᠭ᠎ᠠ ᠯᠢ ᠸᠧᠶ ᠴᠢ ᠬᠤᠷᠠᠯ ᠢ ᠡᠷᠭᠢᠯᠡᠪᠡ᠃ ᠪᠠᠯᠭᠠᠰᠤᠨ ᠳᠤ ᠰᠠᠭᠤᠭ᠎ᠠ ᠬᠠᠤᠯᠢ ᠴᠠᠭᠠᠵᠠ ᠶᠢᠨ ᠭᠠᠵᠠᠷ᠂ ᠪᠠᠯᠭᠠᠰᠤᠨ ᠳᠤ ᠰᠠᠭᠤᠭ᠎ᠠ ᠰᠢᠭᠦᠬᠦ ᠲᠢᠩᠬᠢᠮ ᠤᠨ ᠠᠵᠢᠯᠲᠠᠨ᠂ ᠬᠦᠴᠦᠷᠬᠡᠭᠵᠢᠯ ᠵᠠᠮ ᠤᠨ ᠲᠣᠮᠢᠯᠠᠭᠰᠠᠨ ᠰᠠᠯᠪᠤᠷᠢ᠂ ᠴᠢᠩ ᠹᠦ᠋ ᠲᠣᠮᠢᠯᠠᠭᠰᠠᠨ ᠰᠠᠯᠪᠤᠷᠢ᠂ ᠮᠦᠩᠬᠡᠵᠢᠯ ᠵᠠᠮ ᠤᠨ ᠲᠣᠮᠢᠯᠠᠭᠰᠠᠨ ᠰᠠᠯᠪᠤᠷᠢ ᠶᠢᠨ ᠬᠤᠪᠢᠳᠠᠨ ᠬᠠᠮᠢᠶᠠᠷᠬᠤ ᠭᠠᠵᠠᠷ ᠤᠨ ᠳᠠᠷᠤᠭ᠎ᠠ ᠪᠣᠯᠤᠨ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢ ᠸᠧᠶ ᠴᠢ ᠪᠥᠬᠦ ᠪᠠᠯᠭᠠᠰᠤᠨ ᠤ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠵᠢᠴᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠠᠵᠢᠯᠯᠠᠭᠠᠨ ᠤ ᠪᠠᠶᠢᠳᠠᠯ ᠢ ᠮᠡᠳᠡᠭᠳᠡᠵᠦ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠵᠢᠴᠢ ᠡᠭᠦᠷᠭᠡ ᠴᠢᠳᠠᠪᠤᠷᠢᠲᠤ ᠨᠢᠭᠡᠴᠢ ᠨᠦᠭᠦᠳ ᠲᠣᠰ ᠰᠠᠷ᠎ᠠ ᠶᠢᠨ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠭᠰᠡᠨ ᠪᠠ ᠵᠥᠷᠢᠴᠡᠯ ᠵᠢᠭᠤᠷᠠᠯᠳᠤᠭᠠᠨ ᠢ ᠠᠷᠢᠯᠭᠠᠭᠰᠠᠨ ᠪᠠᠶᠢᠳᠠᠯ ᠢ ᠬᠠᠷᠢᠭᠤ ᠮᠡᠳᠡᠭᠦᠯᠪᠡ᠃ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠬᠢᠭᠡᠳ ᠲᠣᠰᠬᠤᠨ ︵ᠨᠡᠶᠢᠭᠡᠮ ᠲᠣᠭᠤᠷᠢᠭ︶᠎ ᠤ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠡᠶᠡᠳᠡᠭᠦᠯᠬᠦ ᠪᠠᠷ ᠳᠡᠮᠵᠢᠨ᠂ ᠲᠣᠰ ᠰᠠᠷ᠎ᠠ ᠶᠢᠨ ᠰᠢᠨ᠎ᠡ ᠪᠠᠷ ᠨᠡᠮᠡᠭᠳᠡᠭᠰᠡᠨ ᠵᠥᠷᠢᠴᠡᠯ ᠵᠢᠭᠤᠷᠠᠯᠳᠤᠭᠠᠨ ᠢ ᠨᠢᠭᠡᠨᠲᠡ ᠪᠦᠬᠦᠨ ᠢ ᠲᠣᠬᠢᠲᠠᠶ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠢᠳᠪᠦᠷᠢᠯᠡᠭᠰᠡᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠪᠡ᠃      ᠬᠤᠷᠠᠯ ᠠᠴᠠ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠪᠣᠯ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠡᠩ ᠥᠨᠳᠥᠷ ᠲᠦᠪᠰᠢᠨ ᠪᠦᠬᠦᠢ ᠴᠢᠩ ᠹᠦ᠋ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠶᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ︔ ᠡᠯ᠎ᠡ ᠲᠠᠯ᠎ᠠ ᠶᠢᠨ ᠬᠦᠴᠦᠨ ᠢ ᠭᠦᠢᠴᠡᠳ ᠪᠠᠳᠠᠷᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠪᠣᠯᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠲᠣᠰ ᠤᠳᠠᠭᠠᠨ ᠤ ᠬᠠᠮᠲᠤᠷᠠᠭᠰᠠᠨ ᠬᠤᠷᠠᠯ ᠨᠢ ᠡᠯ᠎ᠡ ᠲᠣᠰᠬᠤᠨ ︵ᠨᠡᠶᠢᠭᠡᠮ ᠲᠣᠭᠤᠷᠢᠭ︶᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠶᠡᠷᠦᠩᠬᠡᠶᠢᠯᠡᠨ ᠵᠠᠰᠠᠬᠤ ᠠᠵᠢᠯ ᠤᠨ ᠳᠤᠮᠳᠠᠬᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠴᠢᠩ ᠹᠦ᠋ ᠪᠠᠯᠭᠠᠰᠤ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠠᠮᠤᠷ ᠲᠦᠪᠰᠢᠨ᠂ ᠡᠶ᠎ᠡ ᠵᠣᠬᠢᠴᠠᠩᠭᠤᠢ᠂ ᠬᠠᠤᠯᠢᠵᠢᠯ ᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号