2025 ᠣᠨ ᠳᠤ ᠴᠢᠩᠱᠠᠨ ᠲᠣᠭᠤᠷᠢᠭ ᠤᠨ ᠳ᠋ᠦᠩ ᠳ᠋ᠡ ᠱᠠᠨ ᠤ ᠤᠷᠠᠯᠢᠭ ᠤᠨ ᠤᠯᠠᠷᠢᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/6/4
      6 ᠰᠠᠷ᠎ᠠ ᠶᠢᠨ 2᠎ ᠤ ᠡᠳᠦᠷ᠂ ᠭᠤᠷᠪᠠᠨ ᠡᠳᠦᠷ ᠤᠨ ᠬᠤᠭᠤᠴᠠᠭ᠎ᠠ ᠲᠠᠢ ᠴᠢᠩᠱᠠᠨ ᠲᠣᠭᠤᠷᠢᠭ ᠤᠨ 2025 ᠣᠨ ᠤ ᠳ᠋ᠦᠩ ᠳ᠋ᠠ ᠱᠠᠨ ᠤᠷᠠᠯᠢᠭ ᠤᠨ ᠤᠯᠠᠷᠢᠯ ᠨᠢ ᠥᠨᠳᠥᠷᠯᠡᠪᠡ᠃ ᠡᠨᠡ ᠤᠳᠠᠭᠠᠨ ᠤ ︽ᠤᠷᠠᠯᠢᠭ + ᠪᠣᠳᠠᠰ ᠤᠨ ᠪᠤᠰᠤ ᠰᠣᠶᠣᠯ ᠤᠨ ᠥᠪ + ᠪᠠᠶᠢᠭᠠᠯᠢ︾᠎ ᠪᠠᠷ ᠭᠤᠣᠯ ᠪᠣᠯᠭᠠᠭᠰᠠᠨ ᠬᠥᠳᠡᠭᠡ ᠲᠣᠰᠬᠤᠨ ᠤ ᠰᠣᠶᠣᠯ ᠤᠨ ᠦᠪᠡᠳᠡᠭᠰᠢ ᠴᠤᠭᠯᠠᠭᠠᠨ᠂ ᠵᠢᠪᠦᠮᠡᠯ ᠤᠷᠠᠯᠢᠭ ᠤᠨ ᠪᠡᠶᠡᠴᠢᠯᠡᠨ ᠣᠶᠢᠯᠠᠭᠠᠬᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ᠂ ᠤᠯᠠᠨ ᠡᠰᠢᠴᠢᠯᠡᠭᠰᠡᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠭᠤᠷᠪᠠᠨ ᠶᠡᠭᠡ ᠲᠠᠯ᠎ᠠ ᠪᠠᠷ ᠳᠠᠮᠵᠢᠭᠤᠯᠤᠨ᠂ 3 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠳ᠋ᠦᠩ ᠳ᠋ᠠ ᠱᠠᠨ ᠤ ᠤᠷᠠᠯᠢᠭ ᠤᠨ ᠲᠣᠭᠤᠷᠢᠭ ᠲᠤ ᠲᠡᠳᠡᠨ ᠣᠷᠣᠭᠤᠯᠵᠤ᠂ ᠶᠡᠷᠦᠩᠬᠡᠢ ᠡᠵᠡᠩᠨᠡᠯᠲᠡ ᠶᠢᠨ ᠣᠷᠣᠯᠭ᠎ᠠ 45 ᠲᠦᠮᠡᠨ ᠲᠥᠭᠦᠷᠢᠭ ᠢ ᠪᠡᠶᠡᠯᠡᠭᠦᠯᠵᠦ᠂ ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠭ᠎ᠠ ᠪᠣᠯᠭᠠᠪᠠ᠃      ᠲᠣᠰ ᠬᠤᠭᠤᠴᠠᠭᠠᠨ ᠤ ᠤᠷᠠᠯᠢᠭ ᠤᠨ ᠤᠯᠠᠷᠢᠯ ᠨᠢ ︽ᠠᠭᠤᠯᠠ ᠤᠰᠤ ᠪᠠᠷ ᠬᠥᠰᠢᠭᠡ ᠪᠣᠯᠭᠠᠵᠤ᠂ ᠤᠷᠠᠯᠢᠭ ᠢᠶᠠᠷ ᠪᠢᠷ ᠪᠤᠯᠭᠠᠵᠦ︾᠂ ᠠᠶᠢᠯ ᠲᠣᠰᠬᠤᠨ ᠤ ᠭᠤᠳᠤᠮᠵᠢ ᠶᠢᠨ ᠵᠠᠮ ᠢ ᠨᠡᠭᠡᠭᠡᠯᠲᠡᠲᠦ ᠮᠠᠶ᠋ᠢᠭ ᠤᠨ ᠤᠷᠠᠯᠢᠭ ᠤᠨ ᠦᠵᠡᠭᠦᠯᠭᠡ ᠶᠢᠨ ᠲᠢᠩᠬᠢᠮ ᠪᠣᠯᠭᠠᠨ ᠬᠤᠪᠢᠷᠠᠭᠤᠯᠪᠠ᠃ ᠳ᠋ᠦᠩ ᠳ᠋ᠠ ᠱᠠᠨ ᠤᠷᠠᠯᠢᠭ ᠤᠨ ᠲᠣᠭᠤᠷᠢᠭ ᠤᠨ ᠤᠷᠠᠨ ᠵᠢᠷᠤᠭ ᠤᠨ ᠣᠷᠳᠣᠨ ᠰᠢᠨ᠎ᠡ ᠲᠠᠯᠠᠪᠤᠷ ᠲᠤ ᠭᠠᠷᠴᠤ᠂ ︽ᠳᠤᠮᠳᠠᠳᠤ ᠮᠣᠩᠭᠤᠯ ᠤᠨ ᠤᠷᠠᠯᠢᠭ ᠤᠨ ᠦᠵᠡᠰᠬᠦᠯᠡᠩ︾᠂ ︽ᠮᠢᠶᠣᠣ ᠢᠣᠢ ᠹᠦ᠋ ᠲᠣᠰᠣᠨ ᠵᠢᠷᠤᠭ ᠤᠨ ᠪᠦᠲᠦᠭᠡᠯ ᠤᠨ ᠦᠵᠡᠰᠬᠦᠯᠡᠩ︾᠎ ᠢ ᠭᠠᠷᠭᠠᠵᠤ᠂ ᠣᠯᠠᠨ ᠤᠷᠠᠯᠢᠭ ᠤᠨ ᠰᠣᠨᠢᠷᠬᠠᠭᠴᠢᠳ ᠢ ᠲᠠᠲᠠᠵᠤ ᠰᠤᠳᠤᠯᠤᠨ ᠶᠠᠷᠢᠯᠴᠠᠭᠤᠯᠪᠠ᠃ ᠲᠣᠰᠬᠤᠨ ᠳᠤ ᠰᠠᠭᠤᠭ᠎ᠠ ᠤᠷᠠᠯᠢᠭᠴᠢᠨ ᠭᠦᠸᠧ ᠴᠢ ᠫᠧᠩ᠂ ᠸᠠᠩ ᠬᠠᠢ ᠶᠠᠨ ᠤ ᠠᠵᠢᠯᠯᠠᠬᠤ ᠲᠠᠰᠤᠭ ᠵᠢᠴᠢ ᠯᠦ ᠶᠧ ᠸᠠᠭᠠᠷ ᠱᠠᠭᠠᠵᠠᠩ ᠤᠨ ᠤᠷᠠᠯᠢᠭ ᠤᠨ ᠲᠥᠪ ᠢ ᠵᠡᠷᠭᠡ ᠪᠠᠷ ᠨᠡᠭᠡᠭᠡᠵᠦ᠂ ᠵᠤᠭᠠᠴᠠᠭᠰᠠᠳ ᠸᠠᠭᠠᠷ ᠤᠨ ᠤᠷᠠᠯᠢᠭ᠂ ᠱᠤᠭᠤᠮᠠᠯ᠂ ᠪᠠᠷ ᠵᠢᠷᠤᠭ ᠵᠡᠷᠭᠡ ᠵᠣᠬᠢᠶᠠᠨ ᠪᠦᠲᠦᠭᠡᠯᠭᠡ ᠶᠢ ᠲᠣᠭᠤᠷᠢᠨ ᠦᠵᠡᠵᠦ ᠪᠡᠶᠡᠴᠢᠯᠡᠨ ᠣᠶᠢᠯᠠᠭᠠᠵᠤ᠂ ᠤᠷᠠᠯᠢᠭᠴᠢᠳ ᠲᠠᠢ ᠨᠢᠭᠤᠷᠳᠠᠨ ᠶᠠᠷᠢᠯᠴᠠᠵᠤ᠂ ᠵᠢᠵᠢᠭ ᠵᠦᠢᠯ ᠢ ᠱᠤᠭᠤᠵᠤ ᠱᠤᠭᠤᠬᠤ ᠳᠤ ᠪᠡᠶ᠎ᠡ ᠪᠠᠷ ᠢᠶᠠᠨ ᠣᠷᠣᠯᠴᠠᠵᠤ᠂ ᠬᠥᠬᠡᠮᠳᠦᠭ ᠨᠣᠭᠤᠭᠠᠨ ᠠᠭᠤᠯᠠ ᠤᠰᠤᠨ ᠤ ᠬᠤᠭᠤᠷᠣᠨᠳᠣ ᠤᠷᠠᠯᠢᠭ ᠪᠣᠯᠤᠨ ᠭᠦᠨ ᠰᠡᠳᠤᠪ ᠤᠨ ᠠᠭᠤᠰᠤᠯᠴᠠᠯ ᠢ ᠮᠡᠳᠡᠷᠡᠵᠦ᠂ ︽ᠤᠷᠠᠯᠢᠭ ᠤᠨ ᠠᠮᠢᠳᠤᠷᠠᠯ︾᠎ ᠤᠨ ᠥᠪᠡᠷᠮᠢᠴᠡ ᠷᠢᠳᠢ ᠰᠢᠳᠢ ᠶᠢ ᠣᠶᠢᠯᠠᠭᠠᠪᠠ᠃      ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠤᠶᠢᠯᠭᠠᠬᠤ ᠣᠷᠣᠨ ︽ᠬᠤᠷᠤᠭᠤᠨ ᠦᠵᠦᠭᠦᠷ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾᠎ ᠤ ᠭᠤᠤᠯ ᠰᠡᠳᠦᠪ ᠢ ᠦᠷᠭᠦᠯᠵᠢᠯᠡᠭᠦᠯᠵᠦ᠂ ᠨᠢᠭᠤᠷ ᠤᠨ ᠰᠦᠯᠢᠶᠣᠣ᠂ ᠴᠠᠭᠠᠰᠤᠨ ᠬᠠᠶᠢᠴᠢᠯᠠᠮᠠᠯ᠂ ᠳᠣᠲᠣᠭᠠᠳᠤ ᠵᠢᠷᠤᠭ᠂ ᠬᠤᠯᠤ ᠶᠢᠨ ᠬᠠᠭᠠᠷᠢᠭᠰᠠᠨ ᠵᠢᠷᠤᠭ ᠵᠡᠷᠭᠡ ᠣᠯᠠᠨ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠡᠳᠦᠷ ᠪᠦᠷᠢ ᠳᠤᠮᠳᠠᠴᠢ ᠪᠠᠷ 500 ᠬᠥᠮᠦᠨ ᠤᠳᠠᠭ᠎ᠠ ᠭᠥᠯᠢᠶᠡᠨ ᠵᠣᠴᠢᠯᠠᠵᠠᠢ᠃ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠤᠬᠠᠶ ᠶᠢᠨ ᠲᠠᠯᠠᠪᠠᠶ ᠳᠤ ᠵᠢᠭᠠᠨ ᠵᠢᠯᠣᠭᠤᠳᠴᠤ᠂ ᠵᠤᠭᠠᠴᠠᠭᠰᠠᠳ ᠲᠠᠪᠤᠨ ᠥᠩᠭᠡ ᠶᠢᠨ ᠪᠦᠯᠬᠦᠮ ᠢᠶᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠬᠦᠴᠦᠨ ᠵᠦᠢᠯ ᠢ ᠴᠢᠮᠡᠵᠦ᠂ ᠥᠪᠡᠷ ᠤᠨ ᠪᠡᠶ᠎ᠡ ᠪᠠᠷ ᠢᠶᠠᠨ ᠭᠤᠤᠯ ᠰᠡᠳᠦᠪᠲᠦ ᠰᠣᠶᠣᠯ ᠤᠨ ᠡᠭᠦᠳᠦᠯᠲᠡ ᠶᠢᠨ ᠪᠦᠲᠦᠭᠡᠯ ᠢ ᠵᠣᠬᠢᠶᠠᠨ ᠪᠦᠲᠦᠭᠡᠵᠦ᠂ ᠤᠯᠠᠮᠵᠢᠯᠠᠯᠲᠤ ᠤᠷ᠎ᠠ ᠮᠡᠷᠭᠡᠵᠢᠯ ᠤᠨ ᠥᠪᠡᠷᠮᠢᠴᠡ ᠷᠢᠳᠢ ᠰᠢᠳᠢ ᠶᠢ ᠮᠡᠳᠡᠷᠡᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠣᠶᠣᠯ ᠤᠨ ᠬᠥᠭ ᠠᠶᠢᠵᠠᠮ ᠢ ᠰᠣᠭᠲᠣᠭᠤᠷᠠᠭᠤᠯᠬᠤ ᠬᠡᠯᠪᠡᠷᠢ ᠪᠠᠷ ᠪᠡᠶᠡᠴᠢᠯᠡᠨ ᠣᠶᠢᠯᠠᠭᠠᠪᠠ᠃      3 ᠡᠳᠦᠷ ᠤᠨ ᠤᠷᠠᠯᠢᠭ ᠤᠨ ᠤᠯᠠᠷᠢᠯ ᠤᠨ ᠬᠤᠭᠤᠴᠠᠭᠠᠨ ᠳᠤ᠂ ᠵᠢᠭᠤᠯᠴᠢᠯᠠᠭᠴᠢᠳ ᠳ᠋ᠦᠩ ᠳ᠋ᠡ ᠱᠠᠨ ᠭᠠᠵᠠᠷ ᠤᠨ ᠵᠢᠷᠤᠭ ᠢ ᠳᠠᠷᠤᠮᠠᠯᠯᠠᠬᠤ ᠪᠢᠴᠢᠭ ᠢᠶᠠᠨ ᠠᠪᠴᠤ᠂ ᠺᠠᠷᠲ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠬᠤ ᠲᠠᠰᠤᠭ ᠵᠢᠴᠢ ᠤᠷᠠᠯᠢᠭ ᠤᠨ ᠣᠷᠣᠨ ᠵᠠᠶ ᠶᠢ ᠴᠣᠬᠢᠬᠤ ᠳᠤ᠂ ᠬᠤᠯᠤ ᠶᠢᠨ ᠢᠮ ᠵᠢᠷᠤᠭ᠂ ᠳᠣᠲᠣᠭᠠᠳᠤ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠬᠢᠭᠡᠳ ᠣᠨᠴᠠᠯᠢᠭᠲᠤ ᠤᠷᠠᠯᠢᠭ ᠤᠨ ᠦᠵᠡᠭᠦᠯᠦᠯᠭᠡ ᠶᠢᠨ ᠲᠣᠭᠤᠷᠢᠭ ᠢ ᠪᠠᠭᠲᠠᠭᠠᠨ᠎ᠠ᠃ ᠬᠦᠷᠦᠭᠰᠡᠨ ᠭᠠᠵᠠᠷ ᠪᠣᠯᠭᠠᠨ ᠳᠤ᠂ ᠤᠷᠠᠯᠢᠭᠴᠢᠨ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠣᠨᠴᠠᠯᠢᠭᠲᠤ ᠲᠠᠮᠠᠭ᠎ᠠ ᠶᠢ ᠴᠤᠭᠯᠠᠭᠤᠯᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠣᠶᠣᠯ ᠢ ᠡᠭᠦᠳᠦᠨ ᠪᠦᠲᠦᠭᠡᠭᠰᠡᠨ ᠰᠣᠳᠣᠨ ᠳᠤᠷᠠᠰᠬᠠᠯ ᠤᠨ ᠡᠳ᠋ ᠢ ᠣᠯᠵᠤ ᠪᠣᠯᠤᠨ᠎ᠠ᠃ ᠡᠨᠡ ᠬᠦ ᠰᠢᠨ᠎ᠡ ᠶᠢ ᠡᠭᠦᠳᠬᠦ ᠨᠠᠭᠠᠳᠬᠤ ᠠᠷᠭ᠎ᠠ ᠨᠢ ᠵᠤᠭᠠᠴᠠᠭᠰᠠᠳ ᠤᠨ ᠣᠷᠣᠯᠴᠠᠬᠤ ᠰᠡᠳᠬᠢᠯᠭᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠤᠷᠠᠯᠢᠭ ᠤᠨ ᠵᠤᠭᠠᠴᠠᠯ ᠢ ᠤᠷᠮ᠎ᠠ ᠪᠠᠬ᠎ᠠ ᠪᠠ ᠰᠣᠴᠢᠰᠬᠢᠨ ᠪᠠᠶᠠᠷᠯᠠᠭᠤᠰᠢᠲᠠᠶ ᠪᠤᠯᠭᠠᠪᠠ᠃ ᠨᠡᠩ ᠡᠯ᠎ᠡ ᠴᠡᠭ ᠣᠷᠣᠨ ᠪᠠᠢᠷᠢ ᠶᠢ ︽ᠤᠶᠢᠯᠭᠠᠯᠲᠠ ᠶᠢᠨ ᠪᠢᠲᠡᠭᠦᠦ ᠴᠠᠭᠠᠷᠢᠭ︾ ᠪᠦᠷᠢᠯᠳᠦᠭᠦᠯᠬᠦ ᠶᠢ ᠠᠬᠢᠭᠤᠯᠤᠨ᠎ᠠ᠃ ᠲᠤᠭ᠎ᠠ ᠪᠠᠷᠢᠮᠲᠠ ᠠᠴᠠ ᠦᠵᠡᠪᠡᠯ᠂ 80%᠎ ᠶᠢ ᠳᠠᠪᠠᠭᠰᠠᠨ ᠵᠢᠭᠤᠯᠴᠢᠯᠠᠭᠴᠢᠳ ᠴᠡᠭ ᠪᠠᠢᠷᠢ ᠶᠢᠨ ᠺᠠᠷᠲ ᠢ ᠴᠣᠬᠢᠵᠤ᠂ ᠳᠤᠮᠳᠠᠴᠢ ᠬᠤᠭᠤᠴᠠᠭ᠎ᠠ ᠨᠢ 4 ᠴᠠᠭ ᠪᠣᠯᠲᠠᠯ᠎ᠠ ᠦᠷᠭᠦᠯᠵᠢᠯᠡᠵᠡᠢ᠃      ᠳ᠋ᠦᠩ ᠳ᠋ᠠ ᠱᠠᠨ ᠤᠷᠠᠯᠢᠭ ᠤᠨ ᠤᠯᠠᠷᠢᠯ ᠢ ᠦᠷᠭᠦᠯᠵᠢᠯᠡᠨ ᠡᠷᠬᠢᠯᠡᠵᠦ᠂ ︽ᠤᠷᠠᠯᠢᠭ ᠬᠥᠳᠡᠭᠡ ᠲᠣᠰᠬᠤᠨ ᠳᠤ ᠡᠨᠧᠷᠭᠢ ᠣᠯᠭᠤᠬᠤ︾ ᠪᠣᠯᠣᠮᠵᠢᠲᠤ ᠴᠢᠨᠠᠷ ᠢ ᠭᠡᠷᠡᠴᠢᠯᠡᠵᠡᠢ᠄ ᠳᠡᠭᠡᠳᠦ ᠲᠡᠰ ᠤᠨ ᠤᠷᠠᠯᠢᠭ ᠤᠨ ᠡᠬᠢ ᠪᠠᠶᠠᠯᠢᠭ ᠢ ᠬᠥᠳᠡᠭᠡ ᠲᠣᠰᠬᠤᠨ ᠳᠤ ᠣᠷᠣᠭᠤᠯᠤᠨ ᠠᠪᠴᠢᠷᠠᠵᠤ᠂ ᠪᠠᠶᠠᠷ ᠳᠤᠷᠠᠰᠬᠠᠯ ᠤᠨ ᠠᠵᠢᠯᠯᠠᠭ᠎ᠠ ᠪᠠᠷ ᠲᠤᠯᠭᠠᠭᠤᠷᠢᠯᠠᠬᠤ ᠴᠡᠭ ᠪᠣᠯᠭᠠᠨ ᠤᠷᠤᠰᠬᠠᠯ ᠤᠨ ᠬᠡᠮᠵᠢᠶ᠎ᠡ ᠶᠢ ᠳᠠᠶᠢᠴᠢᠯᠠᠵᠤ᠂ ᠰᠤᠯᠠ ᠪᠠᠶᠢᠭ᠎ᠠ ᠬᠥᠳᠡᠭᠡ ᠲᠣᠰᠬᠤᠨ ᠤ ᠡᠬᠢ ᠪᠠᠶᠠᠯᠢᠭ ᠢ ᠬᠥᠭᠵᠢᠭᠡᠭᠰᠡᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠲᠤ ᠰᠣᠶᠣᠯ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠨᠡᠭᠡᠭᠡᠵᠦ ᠥᠭᠴᠡᠢ᠃ ᠠᠳᠡ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠠᠯᠠᠮᠰᠢᠯ ᠭᠠᠵᠠᠷ ᠪᠣᠯᠬᠤ ᠪᠠᠷ ᠪᠠᠷᠠᠬᠤ ᠦᠭᠡᠢ᠂ ᠨᠡᠩ ᠴᠤ ᠤᠮᠠᠷᠠᠲᠤ ᠶᠢᠨ ᠬᠥᠳᠡᠭᠡ ᠲᠣᠰᠬᠤᠨ ᠤ ᠭᠤᠸ᠎ᠠ ᠰᠠᠶᠢᠬᠠᠨ ᠤ ᠦᠵᠡᠭᠦᠯᠭᠡ ᠶᠢᠨ ᠴᠣᠩᠬᠤ᠂ ᠪᠣᠳᠠᠰ ᠤᠨ ᠪᠤᠰᠤ ᠰᠣᠶᠣᠯ ᠤᠨ ᠥᠪ ᠤᠨ ᠠᠮᠢᠳᠤᠯᠢᠭ ᠤᠯᠠᠮᠵᠢᠯᠠᠯ ᠤᠨ ᠦᠢᠯᠡᠳᠦᠯᠭᠡ ᠶᠢᠨ ᠰᠠᠭᠤᠷᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠣᠶᠣᠯ ᠤᠨ ᠰᠢᠨ᠎ᠡ ᠶᠢ ᠡᠭᠦᠳᠦᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠬᠡᠪ ᠳᠠᠭᠤᠷᠢᠶᠠᠯ ᠪᠣᠯᠬᠤ ᠪᠣᠯᠤᠨ᠎ᠠ᠃ ᠤᠷᠠᠯᠢᠭ ᠤᠨ ᠦᠷ᠎ᠡ ᠶᠢ ᠲᠠᠷᠢᠶᠠᠨ ᠳᠠᠯᠠᠩ ᠤᠨ ᠳᠤᠮᠳᠠ ᠦᠨᠳᠦᠰᠦᠯᠡᠭᠦᠯᠵᠦ᠂ ᠳ᠋ᠦᠩ ᠳ᠋ᠠ ᠱᠠᠨ ᠤᠷᠠᠯᠢᠭ ᠤᠨ ᠲᠣᠭᠤᠷᠢᠭ ᠤᠨ ︽ᠬᠦᠷᠢᠶᠡᠨ ᠠᠴᠠ ᠭᠠᠷᠬᠤ︾ ᠦᠯᠢᠭᠡᠷ ᠶᠠᠭ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠲᠠᠶᠢᠯᠪᠤᠷᠢ ᠪᠢᠴᠢᠵᠦ ᠥᠭᠴᠦ ᠪᠠᠶᠢᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号