︽ᠭᠤᠷᠪᠠᠯᠵᠢᠨ ᠬᠤᠶᠢᠭ︾᠎ ᠤᠨ ᠵᠠᠰᠠᠯᠲᠠ ᠶᠢᠨ ᠬᠦᠴᠦᠨ ᠢ ᠬᠤᠷᠠᠮᠳᠤᠭᠤᠯᠵᠤ ᠦᠨᠳᠦᠰᠦᠨ ᠱᠠᠲᠤᠨ ᠤ ᠦᠢᠯᠡᠴᠢᠯᠡᠭᠡᠨ ᠤ ︽ᠪᠢᠴᠢᠯ ᠡᠷᠭᠢᠯᠲᠡ︾᠎ ᠶᠢ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2025/6/5
      ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠣᠷᠵᠢᠭᠤᠯᠤᠭᠰᠠᠨ ᠨᠠᠷᠢᠯᠢᠬᠵᠢᠭᠤᠯᠤᠭᠰᠠᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠰᠠᠶᠢᠨ ᠨᠡᠶᠢᠭᠡᠮ ᠲᠣᠭᠤᠷᠢᠭ ᠤᠨ ᠬᠢᠨ ︽ᠲᠣᠣᠷᠵᠢᠯ ᠤᠨ ᠨᠠᠮ ᠤᠨ ᠳᠤᠭᠤᠶᠢᠯᠠᠩ + ᠲᠣᠣᠷᠵᠢᠯ ᠤᠨ ᠠᠵᠢᠯᠲᠠᠨ + ᠠᠰᠠᠷ ᠲᠠᠭᠲᠤ ᠎ ᠶᠢᠨ ᠳᠠᠷᠤᠭ᠎ᠠ︾᠎ ᠶᠢᠨ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠨᠢᠭᠲᠠ ᠬᠤᠯᠪᠣᠯᠳᠤᠭᠰᠠᠨ᠂ ᠥᠨᠳᠥᠷ ᠪᠦᠲᠦᠮᠵᠢᠲᠡᠢ ᠠᠵᠢᠯᠯᠠᠭᠠᠨ ᠤ ᠦᠨᠳᠦᠰᠦᠨ ᠱᠠᠲᠤᠨ ᠤ ᠵᠠᠰᠠᠯᠲᠠ ᠶᠢᠨ ᠲᠣᠣᠷ ᠢ ᠪᠦᠷᠢᠯᠳᠦᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠢᠯᠡᠳᠲᠡ ᠳᠡᠭᠡᠭᠰᠢᠯᠡᠭᠦᠯᠪᠡ᠃      ᠲᠣᠣᠷᠵᠢᠯ ᠤᠨ ᠨᠠᠮ ᠤᠨ ᠳᠤᠭᠤᠶᠢᠯᠠᠩ ᠨᠢ ᠦᠨᠳᠦᠰᠦᠨ ᠱᠠᠲᠤᠨ ᠤ ᠵᠠᠰᠠᠯᠲᠠ ᠶᠢᠨ ︽ᠬᠤᠪᠢᠰᠬᠠᠯᠲᠤ ᠬᠥᠳᠡᠯᠭᠡᠭᠦᠷ︾ ᠪᠣᠯᠤᠭᠰᠠᠨ ᠤ ᠬᠤᠪᠢ ᠳᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠤᠨ ᠳᠤᠮᠳᠠ᠂ ᠨᠠᠮ ᠤᠨ ᠳᠤᠭᠤᠶᠢᠯᠠᠩ ᠤᠨ ᠨᠠᠮ ᠤᠨ ᠭᠡᠰᠢᠭᠦᠨ ᠲᠦᠷᠦᠭᠦᠯᠡᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠵᠥᠷᠢᠴᠡᠯ ᠢ ᠡᠶᠡᠳᠡᠭᠦᠯᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠳᠤ ᠣᠷᠣᠯᠴᠠᠪᠠ᠃ ᠲᠡᠳᠡ ᠵᠡᠭᠡᠯᠢ ᠭᠤᠳᠤᠮᠵᠢ ᠪᠠᠷ ᠶᠠᠪᠤᠵᠤ᠂ ᠰᠠᠭᠤᠭᠠᠯᠢ ᠠᠷᠠᠳ ᠤᠨ ᠰᠡᠳᠬᠢᠯ ᠤᠨ ᠳᠠᠭᠤᠨ ᠢ ᠰᠣᠨᠣᠰᠴᠤ᠂ ᠨᠠᠮ ᠤᠨ ᠬᠠᠯᠠᠮᠵᠢᠯᠠᠯ ᠪᠠ ᠲᠦᠷᠦ ᠶᠢᠨ ᠪᠤᠳᠤᠯᠭ᠎ᠠ ᠶᠢ ᠡᠷᠦᠬᠡ ᠪᠣᠯᠭᠠᠨ ᠳᠤ ᠣᠨᠣᠪᠴᠢᠲᠠᠢ ᠳᠠᠮᠵᠢᠭᠤᠯᠪᠠ᠃ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠰᠤᠷᠤᠯᠴᠠᠯᠭ᠎ᠠ ᠰᠣᠯᠢᠯᠴᠠᠭ᠎ᠠ ᠶᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ ᠤ ᠦᠢᠯᠡᠴᠢᠯᠡᠭᠡᠨ ᠤ ᠤᠬᠠᠮᠰᠠᠷ ᠪᠣᠯᠤᠨ ᠠᠵᠢᠯ ᠤᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃      ᠲᠣᠣᠷᠵᠢᠯ ᠤᠨ ᠠᠵᠢᠯᠲᠠᠨ ︽ᠭᠤᠷᠪᠠᠯᠵᠢᠨ ᠬᠤᠶᠢᠭ︾᠎ ᠤᠨ ᠭᠤᠣᠯ ᠬᠤᠯᠪᠣᠭᠠᠰᠤ ᠪᠣᠯᠤᠭᠰᠠᠨ ᠤ ᠬᠤᠪᠢ ᠳᠤ᠂ ᠨᠠᠷᠢᠯᠢᠬᠵᠢᠭᠤᠯᠤᠭᠰᠠᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠲᠡᠭᠦᠰᠬᠡᠯ ᠤᠨ ᠮᠡᠳᠡᠷᠡᠯ︾᠎ ᠢ ᠬᠥᠭᠵᠢᠭᠡᠪᠡ᠃ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ 165 ᠠᠰᠠᠷ ᠲᠠᠭᠲᠤ ᠎ ᠶᠢᠨ ᠳᠠᠷᠤᠭ᠎ᠠ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠥᠬᠦ ᠲᠠᠯ᠎ᠠ ᠪᠠᠷ ᠰᠢᠨᠡᠳᠬᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠡᠭᠦᠷᠭᠡ ᠬᠠᠷᠢᠭᠤᠴᠠᠯᠭ᠎ᠠ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠤᠯᠠᠮᠵᠢᠯᠠᠬᠤ᠂ ᠠᠰᠠᠭᠤᠳᠠᠯ ᠢ ︽ᠨᠢᠭᠡ ᠶᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨ ᠬᠦ ᠪᠠᠲᠤᠯᠠᠪᠠ︔ ᠠᠰᠠᠷ ᠲᠠᠭᠲᠤ ᠶᠢᠨ ᠳᠠᠷᠤᠭ᠎ᠠ ᠶᠢ ᠬᠤᠯᠪᠣᠭᠠᠯᠠᠨ 7 ᠤᠳᠠᠭ᠎ᠠ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠨᠡᠭᠦᠳᠡᠯ ᠬᠥᠮᠦᠨ ᠠᠮᠠ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢ 34 ᠵᠤᠷᠪᠤᠰ᠂ ᠣᠨᠴᠠᠭᠠᠶ ᠬᠥᠮᠦᠰ ᠢ ᠬᠠᠪᠰᠤᠷᠤᠨ ᠲᠡᠳᠬᠦᠬᠦ ᠵᠡᠷᠭᠡ ᠭᠤᠤᠯᠳᠠᠯᠭ᠎ᠠ ᠲᠠᠢ ᠮᠡᠳᠡᠭᠡ ᠵᠠᠩᠭᠢ ᠶᠢ 12 ᠵᠤᠷᠪᠤᠰ᠂ ᠰᠠᠶᠢᠨ ᠳᠤᠷ᠎ᠠ ᠶᠢᠨ ᠦᠢᠯᠡᠴᠢᠯᠡᠭᠡ ᠶᠢ 28 ᠤᠳᠠᠭ᠎ᠠ ᠡᠮᠬᠢᠯᠡᠵᠦ᠂ ︽ᠠᠰᠠᠷ ᠲᠠᠭᠲᠤ ᠎ ᠶᠢᠨ ᠳᠠᠷᠤᠭ᠎ᠠ + ᠰᠠᠶᠢᠨ ᠳᠤᠷ᠎ᠠ ᠶᠢᠨ ᠠᠵᠢᠯᠯᠠᠭᠴᠢ︾᠎ ᠶᠢᠨ ᠦᠢᠯᠡᠴᠢᠯᠡᠭᠡᠨ ᠤ ᠵᠠᠭᠪᠤᠷ ᠢ 2 ᠤᠳᠠᠭ᠎ᠠ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠪᠠᠶᠠᠷ ᠤᠨ ᠡᠳᠦᠷ ᠤᠨ ᠬᠠᠯᠠᠮᠵᠢᠯᠠᠯ ᠵᠡᠷᠭᠡ ᠠᠵᠢᠯᠯᠠᠭ᠎ᠠ ᠶᠢ 2 ᠤᠳᠠᠭ᠎ᠠ ᠥᠷᠨᠢᠭᠦᠯᠪᠡ︔ ᠸᠢᠴᠠᠲ ᠤᠨ ᠪᠦᠯᠦᠭ᠂ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ᠲᠦᠰᠢᠭᠯᠡᠨ ᠮᠡᠬᠡᠯᠡᠯ ᠢ ᠡᠰᠡᠷᠭᠦᠴᠡᠬᠦ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠭᠤᠯᠭ᠎ᠠ ᠶᠢ 50 ᠭᠠᠷᠤᠶ ᠵᠤᠷᠪᠤᠰ ᠬᠦᠷᠭᠡᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾᠎ ᠢ ᠨᠡᠪᠲᠡᠷᠡᠭᠦᠯᠵᠦ᠂ ᠰᠢᠨ᠎ᠡ ᠲᠣᠭᠲᠠᠴᠠ ᠶᠢ ᠡᠭᠦᠳᠪᠡ᠃      ᠠᠰᠠᠷ ᠲᠠᠭᠲᠤ ︵ᠨᠢᠭᠡᠴᠢ᠂ ᠬᠤᠯᠪᠣᠭᠠᠯᠠᠭᠰᠠᠨ ᠡᠷᠦᠬᠡ︶᠎ ᠶᠢᠨ ᠳᠠᠷᠤᠭ᠎ᠠ ᠪᠣᠯ ᠨᠡᠶᠢᠭᠡᠮ ᠲᠣᠭᠤᠷᠢᠭ ᠬᠢᠭᠡᠳ ᠰᠠᠭᠤᠭᠠᠯᠢ ᠠᠷᠠᠳ ᠤᠨ ᠬᠤᠭᠤᠷᠣᠨᠳᠣᠬᠢ ︽ᠬᠤᠯᠪᠣᠯᠳᠤᠭᠰᠠᠨ ᠬᠥᠭᠦᠷᠭᠡ︾ ᠪᠣᠯᠤᠨ᠎ᠠ᠃ ᠠᠰᠠᠷ ᠲᠠᠭᠲᠤ ᠎ ᠶᠢᠨ ᠳᠠᠷᠤᠭ᠎ᠠ ︽ᠲᠠᠨᠢᠯ ᠬᠥᠮᠦᠨ ᠤ ᠨᠡᠢᠭᠡᠮ ᠲᠣᠭᠤᠷᠢᠭ︾᠎ ᠤᠨ ᠳᠠᠪᠠᠭᠤᠯᠢᠭ ᠲᠠᠭᠠᠨ ᠰᠠᠭᠤᠷᠢᠯᠠᠵᠤ ᠦᠨᠳᠦᠰᠦᠨ ᠱᠠᠲᠤᠨ ᠤ ᠵᠠᠰᠠᠯᠲᠠ ᠶᠢᠨ ︽ᠰᠢᠯᠵᠢᠮᠡᠯ ᠬᠠᠶᠢᠯᠲᠠ︾ ᠪᠣᠯᠵᠠᠢ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠷ ᠳᠠᠮᠵᠢᠭᠤᠯᠤᠨ ᠠᠰᠠᠷ ᠤᠨ ᠵᠠᠮ ᠣᠪᠣᠭᠠᠯᠠᠵᠤ ᠶᠠᠭᠤᠮ᠎ᠠ ᠣᠪᠣᠭᠠᠯᠠᠬᠤ᠂ ᠭᠠᠯ ᠤᠨᠲᠠᠷᠠᠭᠠᠬᠤ ᠪᠡᠯᠡᠳᠬᠡᠮᠵᠢ ᠡᠪᠳᠡᠷᠡᠵᠦ ᠰᠦᠢᠳᠦᠭᠰᠡᠨ ᠵᠡᠷᠭᠡ ᠳᠠᠯᠳᠠ ᠬᠡᠮ ᠢ 4 ᠬᠤᠪᠢ ᠳᠡᠭᠡᠭᠰᠢ ᠮᠡᠳᠡᠭᠦᠯᠵᠦ᠂ ᠰᠦᠯᠵᠢᠶᠡᠨ ᠤ ᠠᠵᠢᠯᠲᠠᠨ ᠲᠠᠢ ᠬᠠᠮᠲᠤᠷᠠᠨ 48 ᠴᠠᠭ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠪᠠ︔ ᠰᠠᠭᠤᠭᠠᠯᠢ ᠠᠷᠠᠳ ᠢ ᠳᠠᠶᠢᠴᠢᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠣᠷᠣᠯᠴᠠᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠠᠭᠴᠠᠭᠠᠷ ᠰᠠᠭᠤᠭ᠎ᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠵᠡᠷᠭᠡ ᠠᠵᠢᠯᠯᠠᠭ᠎ᠠ ᠶᠢ ᠬᠠᠮᠵᠢᠯᠴᠠᠨ ᠥᠷᠨᠢᠭᠦᠯᠵᠦ᠂ ︽ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠥᠪᠡᠷᠲᠡᠭᠡᠨ ᠵᠠᠰᠠᠵᠤ ᠬᠠᠮᠲᠤᠪᠠᠷ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃      ︽ᠭᠤᠷᠪᠠᠯᠵᠢᠨ ᠬᠤᠶᠢᠭ︾᠎ ᠤᠨ ᠠᠵᠢᠯ ᠤᠨ ᠲᠣᠭᠲᠠᠴᠠ ᠶᠢᠨ ᠦᠢᠯᠡᠳᠦᠯᠭᠡ ᠠᠴᠠ ᠦᠵᠡᠪᠡᠯ᠂ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠪᠣᠯ ᠦᠨᠳᠦᠰᠦᠨ ᠱᠠᠲᠤᠨ ᠤ ᠵᠠᠰᠠᠯᠲᠠ ᠶᠢᠨ ︽ᠲᠣᠭᠳᠠᠮᠠᠯ ᠣᠳᠣ︾᠂ ᠬᠠᠮᠵᠢᠯᠴᠠᠨ ᠬᠥᠳᠡᠯᠦᠯᠴᠡᠬᠦ ᠪᠣᠯ ᠬᠦᠴᠢᠷ ᠠᠰᠠᠭᠤᠳᠠᠯ ᠢ ᠰᠢᠢᠳᠪᠦᠷᠢᠯᠡᠬᠦ ︽ᠠᠯᠲᠠᠨ ᠲᠦᠯᠬᠢᠭᠦᠷ︾ ᠮᠥᠨ᠂ ᠣᠯᠠᠨ ᠲᠦᠮᠡᠨ ᠤ ᠣᠷᠣᠯᠴᠠᠯᠭ᠎ᠠ ᠪᠣᠯ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢᠨ ︽ᠬᠥᠳᠡᠯᠭᠡᠬᠦ ᠬᠦᠴᠦᠨ ᠤ ᠡᠬᠢ ᠰᠤᠷᠪᠤᠯᠵᠢ︾ ᠮᠥᠨ ᠭᠡᠳᠡᠭ ᠢ ᠭᠡᠷᠡᠴᠢᠯᠡᠪᠡ᠃ ᠳᠠᠷᠠᠭᠠᠴᠢ ᠶᠢᠨ ᠠᠯᠬᠤᠮ ᠳᠤ᠂ ᠰᠠᠶᠢᠨ ᠨᠡᠶᠢᠭᠡᠮ ᠲᠣᠭᠤᠷᠢᠭ ᠤᠨ ᠬᠢᠨ ᠡᠨᠡᠬᠦ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠰᠤᠷᠠᠯᠲᠠ ᠦᠭᠡᠢ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠨᠡᠩ ᠤᠯᠠᠨ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠲᠤᠷᠰᠢᠯᠭ᠎ᠠ ᠠᠷᠭ᠎ᠠ ᠬᠢᠳᠡᠯ ᠢ ᠠᠭᠤᠳᠠᠯᠵᠤ᠂ ︽ᠭᠤᠷᠪᠠᠯᠵᠢᠨ ᠬᠤᠶᠢᠭ︾᠎ ᠢ ᠦᠨᠳᠦᠰᠦᠨ ᠱᠠᠲᠤᠨ ᠤ ᠵᠠᠰᠠᠯᠲᠠ ᠳᠤ ᠨᠡᠩ ᠶᠡᠭᠡ ᠦᠢᠯᠡᠳᠦᠯ ᠦᠵᠡᠭᠦᠯᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠬᠥᠭᠵᠢᠯᠲᠡ ᠶᠢᠨ ᠰᠠᠶᠢᠨ ᠰᠠᠶᠢᠬᠠᠨ ᠬᠠᠭᠤᠳᠠᠰᠤ ᠶᠢ ᠬᠠᠮᠲᠤᠪᠠᠷ ᠵᠢᠷᠤᠭᠯᠠᠵᠤ᠂ ᠰᠠᠭᠤᠭᠠᠯᠢ ᠠᠷᠠᠳ ᠲᠤ ᠨᠡᠩ ᠵᠣᠯ ᠵᠢᠷᠭᠠᠯ ᠲᠠᠢ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号