ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ    ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠤᠯᠭᠤᠨ᠎ᠠ
ᠨᠡᠶᠢᠲᠡᠯᠡᠭᠰᠡᠨ ᠴᠠᠭ᠄
2025/6/5
      ᠣᠶᠢᠷ᠎ᠠ ᠳᠤ᠂ ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠢᠨᠠᠨ ᠬᠠᠮᠢᠶᠠᠷᠬᠤ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ 2024 ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠠᠵᠢᠯ ᠢ ᠤᠷᠤᠭᠰᠢᠲᠠᠶ ᠪᠡᠶᠡᠯᠡᠭᠦᠯᠦᠭᠰᠡᠨ ᠨᠢ ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠬᠠᠮᠢᠶᠠᠷᠬᠤ ᠠᠵᠤ ᠠᠬᠤᠶᠢᠯᠠᠯ ᠳᠤ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠶᠢᠨ ᠲᠥᠰᠦᠪ ᠠᠴᠠ ᠲᠥᠰᠦᠪ ᠤᠨ ᠭᠦᠢᠴᠡᠳᠬᠡᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠠᠩᠬ᠎ᠠ ᠠᠯᠬᠤᠮ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠡᠨᠡ ᠵᠢᠯ ᠪᠣᠯ 2022 ᠣᠨ ᠤ ᠴᠢᠩᠱᠠᠨ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠠᠴᠠ ᠨᠠᠭᠠᠰᠢ᠂ ᠴᠢᠩᠱᠠᠨ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠩᠬ᠎ᠠ ᠤᠳᠠᠭ᠎ᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠠᠵᠢᠯ ᠢ ᠥᠷᠨᠢᠭᠦᠯᠪᠡ᠃ ᠲᠥᠰᠦᠪ ᠤᠨ ᠭᠦᠢᠴᠡᠳᠬᠡᠯ ᠤᠨ ᠶᠠᠪᠤᠴᠠ ᠳᠤ᠂ ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ︽ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠢᠴᠢ ᠨᠢᠭᠲᠠᠯᠠᠨ ᠪᠤᠳᠤᠬᠤ ᠪᠠᠷᠢᠮᠵᠢᠶ᠎ᠠ ᠵᠡᠷᠭᠡ ᠬᠠᠤᠯᠢ ᠲᠣᠭᠲᠠᠭᠠᠯ ᠲᠦᠷᠢᠮ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠪᠠᠶᠢᠷᠢᠯᠠᠭᠤᠯᠵᠤ᠂ ᠭᠤᠷᠪᠠᠳᠠᠬᠢ ᠡᠲᠡᠭᠡᠳ ᠤᠨ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠲᠤᠰᠬᠠᠶ ᠮᠡᠷᠭᠡᠵᠢᠯ ᠤᠨ ᠬᠢᠨᠠᠨ ᠪᠤᠳᠤᠬᠤ ᠵᠢᠯᠣᠭᠤᠳᠣᠯᠭ᠎ᠠ ᠳᠣᠤᠷ᠎ᠠ᠂ ᠴᠠᠭ ᠤᠨ ᠵᠠᠩᠭᠢᠶᠠᠰᠤ᠂ ᠠᠵᠢᠯ ᠤᠨ ᠬᠠᠷᠠᠯᠲᠠ ᠶᠢ ᠴᠢᠩᠭ᠎ᠠ ᠵᠢᠷᠤᠮᠯᠠᠨ᠂ ᠠᠵᠤ ᠠᠬᠤᠶᠢᠯᠠᠯ ᠤᠨ ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ᠂ ᠠᠵᠤ ᠠᠬᠤᠶᠢᠯᠠᠯ ᠤᠨ ᠣᠨ ᠤ ᠡᠳ᠋ ᠤᠨ ᠶᠠᠪᠤᠳᠠᠯ ᠤᠨ ᠬᠦᠢᠴᠡᠳᠬᠡᠯ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ ᠬᠤᠪᠢᠷᠠᠯᠲᠠ ᠶᠢᠨ ᠪᠠᠶᠢᠳᠠᠯ᠂ ᠠᠵᠤ ᠠᠬᠤᠶᠢᠯᠠᠯ ᠤᠨ ᠣᠨ ᠤ ᠡᠳ᠋ ᠤᠨ ᠶᠠᠪᠤᠳᠠᠯ ᠤᠨ ᠬᠦᠢᠴᠡᠳᠬᠡᠯ ᠲᠤᠭ᠎ᠠ ᠶᠢ ᠨᠡᠶᠢᠯᠡᠭᠦᠯᠬᠦ ᠬᠡᠪᠴᠢᠶ᠎ᠡ ᠵᠢᠴᠢ ᠬᠡᠷᠡᠭᠴᠡᠭᠡ ᠲᠠᠢ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠲᠣᠳᠣᠷᠬᠠᠶᠢᠯᠠᠭᠰᠠᠨ ᠪᠤᠰᠤᠳ ᠪᠠᠶᠢᠳᠠᠯ ᠳᠤ᠂ ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ ᠶᠢ ᠲᠤᠭᠤᠷᠪᠢᠵᠤ᠂ ᠡᠯ᠎ᠡ ᠬᠢᠨᠠᠨ ᠬᠠᠮᠢᠶᠠᠷᠬᠤ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ 2024 ᠣᠨ ᠤ ᠡᠳ᠋ ᠬᠥᠷᠥᠩᠭᠡ ᠶᠢᠨ ᠶᠠᠰᠤ ᠴᠢᠨᠠᠷ᠂ ᠡᠳ᠋ ᠤᠨ ᠶᠠᠪᠤᠳᠠᠯ ᠤᠨ ᠪᠠᠶᠢᠳᠠᠯ᠂ ᠡᠵᠡᠩᠨᠡᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ᠂ ᠪᠤᠰᠤᠳᠴᠢ᠂ ᠦᠨᠡᠨ ᠪᠣᠳᠠᠲᠠᠶ ᠪᠠᠷ ᠲᠤᠰᠬᠠᠪᠠ᠃ ᠲᠥᠰᠦᠪ ᠤᠨ ᠭᠦᠢᠴᠡᠳᠬᠡᠯ ᠤᠨ ᠦᠷ᠎ᠡ ᠳ᠋ᠦᠩ ᠢ ᠦᠨᠳᠦᠰᠦᠯᠡᠪᠡᠯ᠂ 2024 ᠣᠨ ᠳᠤ ᠣᠷᠣᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠶ ᠲᠤᠭ᠎ᠠ 336.60 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠶᠡᠷᠦᠩᠬᠡᠶ ᠣᠷᠣᠯᠭ᠎ᠠ ᠳᠡᠭᠡᠷ᠎ᠡ ᠵᠢᠯ ᠤᠨ ᠬᠢ ᠠᠴᠠ 15 %᠎ ᠪᠠᠷ ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠳᠡᠭᠡᠷ᠎ᠡ ᠵᠢᠯ ᠤᠨ ᠬᠢ ᠠᠴᠠ ᠶᠡᠭᠡ ᠬᠡᠮᠵᠢᠶ᠎ᠡ ᠪᠠᠷ ᠠᠯᠳᠠᠭᠳᠠᠯ ᠲᠠᠢ ᠪᠣᠯᠵᠣ᠂ ᠠᠵᠤ ᠠᠬᠤᠶᠢᠯᠠᠯ ᠤᠨ ᠡᠵᠡᠩᠨᠡᠯᠲᠡ ᠶᠡᠷᠦᠩᠬᠡᠶ ᠳᠡᠭᠡᠨ ᠢᠳᠡᠪᠬᠢᠲᠡᠶ ᠰᠠᠶᠢᠵᠢᠷᠠᠬᠤ ᠬᠠᠨᠳᠤᠰᠢ ᠲᠠᠢ ᠪᠣᠯᠵᠠᠶ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠢᠴᠢ ᠡᠯ᠎ᠡ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠤᠨ ᠬᠢᠨ 2024 ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠵᠢᠯ ᠤᠨ ᠡᠴᠦᠰ ᠤᠨ ᠲᠤᠰᠬᠠᠶ ᠬᠢᠨᠠᠨ ᠪᠣᠳᠣᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠬᠠᠮᠢᠶᠠᠷᠤᠯᠲᠠ ᠶᠢᠨ ᠰᠠᠨᠠᠭᠤᠯᠭ᠎ᠠ ᠶᠢᠨ ᠪᠢᠴᠢᠭ︾᠎ ᠲᠤ ᠵᠢᠭᠠᠵᠤ ᠭᠠᠷᠭᠠᠭᠰᠠᠨ ᠠᠰᠠᠭᠤᠳᠠᠯ ᠢ ᠲᠣᠰ ᠵᠢᠯ ᠤᠨ ᠡᠳ᠋ ᠤᠨ ᠶᠠᠪᠤᠳᠠᠯ ᠤᠨ ᠠᠵᠢᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠴᠢᠭᠯᠡᠯ ᠪᠣᠯᠭᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠠᠵᠤ ᠠᠬᠤᠶ ᠶᠢᠨ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号