ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠠᠵᠢᠯᠲᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ | ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 4 ᠤ ᠡᠳᠦᠷ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠥᠪᠥᠷ ᠮᠣᠩᠭᠤᠯ ᠤᠨ ᠪᠤᠭᠤᠲᠤ ᠶᠢᠨ ᠰᠢᠩ ᠶᠧ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠶᠦᠨ ᠶᠠ ᠬᠤᠸᠠ ᠹᠦ᠋ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠥᠷᠥᠯ ᠵᠦᠢᠯ ᠤᠨ | ᠬᠡᠯᠲᠡᠰ ᠲᠤ ᠬᠦᠷᠴᠦ᠂ ᠪᠠᠷᠢᠯᠭ᠎ᠠ ᠶᠢᠨ ᠭᠠᠵᠠᠷ ᠲᠤ 50 ᠭᠠᠷᠤᠶ ᠪᠠᠷᠢᠯᠭ᠎ᠠ ᠶᠢᠨ ᠠᠵᠢᠯᠲᠠᠳ ᠲᠤ ᠤᠯᠠᠭᠠᠨ | ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠵᠢᠴᠢ ᠴᠢᠰᠤ ᠡᠷᠭᠦᠬᠦ ᠪᠠ | ᠴᠢᠰᠤ ᠪᠦᠲᠦᠭᠡᠬᠦ ᠭᠤᠤᠯ ᠡᠰ ᠤᠨ ᠤᠬᠠᠭᠤᠯᠭ᠎ᠠ ᠬᠢᠪᠡ᠃ | ᠪᠣᠯᠪᠠᠰᠤᠷᠠᠭᠤᠯᠤᠯ ᠤᠨ ᠲᠤᠬᠠᠶ ᠶᠢᠨ ᠲᠠᠯᠠᠪᠤᠷ ᠲᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠤᠰᠬᠠᠶ | ᠮᠡᠷᠭᠡᠵᠢᠯ ᠤᠨ ᠠᠪᠤᠷᠠᠨ ᠲᠤᠰᠠᠯᠠᠬᠤ ᠪᠠᠭᠰᠢ ᠪᠠᠷᠢᠯᠭ᠎ᠠ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠥᠨᠳᠥᠷ ᠭᠠᠵᠠᠷ ᠠᠴᠠ ᠤᠨᠠᠭᠰᠠᠨ᠂ ᠪᠣᠳᠠᠰ ᠤᠨ ᠴᠣᠬᠢᠯᠲᠠ ᠥᠭᠭᠦᠭᠰᠡᠨ ᠠᠴᠠ ᠪᠣᠯᠤᠭᠰᠠᠨ ᠰᠢᠷᠬ᠎ᠠ ᠶᠢᠨ ᠴᠢᠰᠤ | ᠭᠠᠷᠤᠭᠰᠠᠨ᠂ ᠶᠠᠰᠤ ᠬᠤᠭᠤᠷᠠᠭᠰᠠᠨ ᠵᠢᠴᠢ ᠨᠠᠷᠠᠰᠢᠬᠤ᠂ ᠴᠠᠬᠢᠯᠭᠠᠨ ᠳᠤ ᠳᠠᠭᠠᠷᠢᠭᠳᠠᠭᠰᠠᠨ ᠵᠡᠷᠭᠡ ᠪᠠᠶᠢᠩᠭᠤ | ᠲᠣᠬᠢᠶᠠᠯᠳᠤᠬᠤ ᠭᠡᠨᠡᠳᠲᠡ ᠶᠢᠨ ᠪᠠᠶᠢᠳᠠᠯ ᠳᠤ ᠴᠢᠭᠯᠡᠭᠦᠯᠦᠨ᠂ ᠣᠨᠣᠯ ᠤᠨ ᠲᠠᠶᠢᠯᠤᠮᠵᠢ᠂ ᠬᠠᠷᠠᠭᠠᠨ ᠳᠠᠪᠲᠠᠮᠵᠢ ᠶᠢᠨ | ᠦᠵᠡᠭᠦᠯᠦᠯᠭᠡ ᠪᠠ ᠪᠣᠳᠠᠲᠤ ᠲᠠᠮᠢᠷ ᠤᠨ ᠰᠣᠷᠢᠯᠲᠠ ᠪᠠᠷ ᠳᠠᠮᠵᠢᠭᠤᠯᠤᠨ᠂ ᠵᠢᠷᠦᠬᠡ ᠠᠭᠤᠰᠬᠢᠨ ᠤ ᠰᠡᠷᠭᠦᠯᠲᠡ᠂ ᠴᠢᠰᠤ | ᠵᠣᠭᠰᠣᠭᠠᠬᠤ ᠪᠣᠭᠤᠯᠲᠠ᠂ ᠶᠠᠰᠤ ᠬᠤᠭᠤᠷᠠᠬᠤ ᠵᠡᠷᠭᠡ ᠤᠷ᠎ᠠ ᠴᠢᠳᠠᠪᠤᠷᠢ ᠶᠢ ᠰᠢᠰᠲ᠋ᠧᠮ ᠲᠠᠢ ᠲᠠᠶᠢᠯᠪᠤᠷᠢᠯᠠᠪᠠ᠃ | ᠪᠣᠯᠪᠠᠰᠤᠷᠠᠯ ᠳᠤ ᠣᠷᠣᠯᠴᠠᠭᠰᠠᠨ ᠠᠵᠢᠯᠲᠠᠳ ᠳᠠᠭᠤᠷᠢᠶᠠᠮᠠᠯ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠠᠭᠰᠢ | ᠵᠢᠯᠣᠭᠤᠳᠤᠯᠭ᠎ᠠ ᠳᠣᠣᠷ᠎ᠠ ᠵᠢᠷᠦᠬᠡ ᠠᠭᠤᠰᠬᠢᠨ ᠤ ᠰᠡᠷᠭᠦᠯᠲᠡ᠂ AED ᠶᠢᠨ ᠬᠡᠷᠡᠭᠯᠡᠯᠲᠡ᠂ ᠭᠤᠷᠪᠠᠯᠵᠢᠨ ᠠᠯᠴᠢᠭᠤᠷ | ᠪᠣᠭᠤᠬᠤ ᠵᠡᠷᠭᠡ ᠠᠵᠢᠯᠯᠠᠭ᠎ᠠ ᠶᠢ ᠪᠣᠯᠪᠠᠰᠤᠷᠠᠭᠤᠯᠪᠠ᠃ | ᠬᠠᠮᠤᠭ ᠰᠡᠭᠦᠯ ᠳᠤ᠂ ᠤᠯᠠᠭᠠᠨ ᠵᠠᠭᠠᠯᠮᠠᠶᠢᠲᠠᠨ ᠤ ᠪᠠᠭᠰᠢ ᠲᠤᠬᠠᠶ ᠶᠢᠨ ᠲᠠᠯᠠᠪᠠᠢ ᠳᠤ ᠪᠣᠯᠪᠠᠰᠤᠷᠠᠯ ᠳᠤ | ᠣᠷᠣᠯᠴᠠᠭᠰᠠᠨ ᠠᠵᠢᠯᠲᠠᠳ ᠲᠤ ᠴᠢᠰᠤ ᠡᠷᠭᠦᠬᠦ ᠵᠢᠴᠢ ᠴᠢᠰᠤ ᠪᠦᠲᠦᠭᠡᠬᠦ ᠭᠤᠤᠯ ᠡᠰ ᠤᠨ ᠬᠠᠮᠢᠶ᠎ᠠ ᠪᠦᠬᠦᠢ | ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠲᠡᠳᠡᠨᠤᠰ ᠤᠨ ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ | ᠦᠵᠡᠭᠦᠯᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠤᠰᠤᠳ ᠤᠨ ᠠᠮᠢ ᠨᠠᠰᠤ ᠶᠢ ᠦᠷᠭᠦᠯᠵᠢᠯᠡᠭᠦᠯᠬᠦ ᠳᠤ ᠥᠪᠡᠷ ᠤᠨ | ᠬᠦᠴᠦᠨ ᠴᠢᠳᠠᠯ ᠢᠶᠠᠨ ᠡᠷᠭᠦᠬᠦ ᠶᠢ ᠰᠠᠨᠠᠭᠠᠴᠢᠯᠠᠵᠤ᠂ ᠲᠡᠳᠡᠨᠤᠰ ᠤᠨ ᠴᠢᠰᠤ ᠪᠦᠲᠦᠭᠡᠬᠦ ᠭᠤᠤᠯ ᠡᠰ ᠢᠶᠠᠨ | ᠬᠠᠨᠳᠢᠪᠯᠠᠬᠤ ᠡᠩᠨᠡᠭᠡᠨ ᠳᠤ ᠢᠳᠡᠪᠬᠢᠲᠡᠶ ᠣᠷᠣᠯᠴᠠᠬᠤ ᠶᠢ ᠵᠤᠷᠢᠭᠵᠢᠭᠤᠯᠪᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠪᠠᠷᠢᠯᠭ᠎ᠠ ᠶᠢᠨ ᠲᠤᠬᠠᠶ ᠶᠢᠨ ᠲᠠᠯᠠᠪᠤᠷ ᠤᠨ ᠠᠵᠢᠯᠲᠠᠨ ᠤ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠠᠶᠦᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ | ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ | | | |